ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠠᠯᠠᠨ ᠠᠶᠢᠯ ᠬᠤᠲᠠ ᠶᠢᠨ ︽ᠨᠠᠶᠢᠮᠠᠳᠦᠭᠠᠷ ᠲᠠᠪᠤᠨ ᠵᠢᠯ︾ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ  ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/11/17
1.jpg
2.jpg
3.jpg
     11 ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠠᠶ ᠬᠤᠩ ᠰᠢᠤᠸᠠᠢ ᠨᠠᠷ ᠵᠠᠯᠠᠨ ᠠᠶᠢᠯ ᠬᠤᠲᠠ ᠳᠤ ᠭᠦᠨᠵᠡᠭᠡᠶᠢᠷᠡᠵᠦ᠂ ︽  ᠨᠠᠶᠢᠮᠠᠳᠦᠭᠠᠷ ᠵᠢᠯ︾ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠰᠦᠨ ᠰᠢᠤ ᠹᠸᠢ᠂ ᠰᠥᠩ ᠬᠤᠶ᠂ ᠸᠠᠩ ᠪᠠᠶ ᠺᠦᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠠᠯᠠᠨ ᠠᠶᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠴᠢᠩᠭᠢᠰ  ᠬᠠᠨ ᠪᠠᠯᠭᠠᠰᠤ ᠵᠡᠷᠭᠡ ᠨᠢᠭᠡᠴᠡ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠥᠯᠥᠨ ᠪᠤᠶᠢᠷ ᠬᠤᠲᠠ ᠶᠢᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽  ᠨᠠᠶᠢᠮᠠᠳᠦᠭᠠᠷ ᠲᠠᠪᠤᠨ ᠵᠢᠯ︾ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ  ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠯᠠᠨ ᠠᠶᠢᠯ ᠬᠤᠳᠠ ᠶᠢᠨ ᠬᠥᠯᠥᠨ ᠪᠤᠶᠢᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠵᠠᠯᠠᠨ ᠠᠶᠢᠯ ᠬᠤᠲᠠ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠢᠳᠪᠦᠷᠢ ᠶᠢᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠯᠠᠪᠳᠠᠭᠤᠨ ᠪᠦᠲᠦᠮᠵᠢᠲᠡᠢ ᠥᠷᠨᠢᠭᠦᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠬᠠᠨᠳᠤᠯᠭᠠᠲᠤ ᠴᠢᠨᠠᠷ ᠪᠣᠯᠤᠨ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠠᠷᠠᠳ ᠢᠷᠭᠡᠳ ᠤᠨ ᠬᠠᠤᠯᠢᠵᠢᠯ ᠤᠨ ᠤᠬᠠᠮᠰᠠᠷ ᠪᠣᠯᠤᠨ ᠬᠠᠤᠯᠢᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ