ᠵᠠᠯᠠᠨ ᠠᠶᠢᠯ ᠬᠤᠲᠠ ᠶᠢᠨ ᠬᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠲᠦᠷᠢᠶᠡᠰᠦᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ‍ᠤᠨ‌ᠤᠷᠤᠯᠳᠤᠭᠠᠨ ᠳᠤ ᠬᠦᠴᠦᠨ ᠨᠡᠮᠡᠪᠡ
ᠨᠡᠶᠢᠲᠡᠯᠡᠭᠰᠡᠨ ᠴᠠᠭ᠄
2023/11/17
1.jpg   
    ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ  ‍ᠤᠨ‌‍ᠲ᠋ᠠᠮᠢᠷ ‍ᠤᠨ‌ᠤᠷᠤᠯᠳᠤᠭᠠᠨ︾ ᠢ ᠤᠭᠲᠤᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ‍ᠤᠨ‌ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 8      ᠤ ᠡᠳᠦᠷ ᠂ ᠵᠠᠯᠠᠨ ᠠᠶᠢᠯ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠪᠥᠬᠦ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠᠩ ᠵᠢᠶᠦ᠋ᠨ ᠶᠦᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠲᠣᠰ ᠤᠳᠠᠭᠠᠨ ᠤ ᠪᠣᠯᠪᠠᠰᠤᠷᠠᠭᠤᠯᠤᠯ ᠭᠤᠷᠪᠠᠨ ᠡᠳᠦᠷ ᠤᠨ ᠴᠠᠭ ᠢ ᠠᠰᠢᠭᠯᠠᠨ᠂ ᠭᠤᠷᠪᠠᠨ ᠬᠤᠭᠤᠴᠠᠭ᠎ᠠ ᠡᠷᠭᠢᠯᠡᠵᠦ᠂ ᠪᠥᠬᠦ ᠬᠤᠲᠠ ᠶᠢᠨ ᠨᠡᠶᠢᠲᠡ 1069 ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠲᠥᠪᠯᠡᠷᠡᠩᠭᠦᠶ ᠪᠣᠯᠪᠠᠰᠤᠷᠠᠭᠤᠯᠤᠯ ᠬᠢᠵᠦ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ‌‍ᠤᠨ‌ᠡᠪᠦᠯ ᠤᠨ ᠤᠯᠠᠷᠢᠯ  ‍ᠤᠨ‌‍ᠲ᠋ᠠᠮᠢᠷ ‍ᠤᠨ‌ᠤᠷᠤᠯᠳᠤᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠲᠡᠭᠡᠭᠡᠪᠦᠷᠢ ᠶᠢᠨ ᠦᠢᠯᠡᠴᠢᠯᠡᠭᠡᠨ ᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠵᠠᠯᠠᠨ ᠠᠶᠢᠯ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ︽︿ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ  ᠤᠯᠤᠰ ᠤᠨ ᠡᠪᠦᠯ  ᠤᠨ ᠤᠯᠠᠷᠢᠯ   ᠤᠨ   ᠲᠠᠮᠢᠷ   ᠤᠨᠤᠷᠤᠯᠳᠤᠭᠠᠨ﹀  ᠶᠢ ᠪᠠᠶᠠᠷᠯᠠᠨ ᠤᠭᠲᠤᠵᠤ᠂ ︿ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ  ‍ᠤᠨ‌‍ᠲ᠋ᠠᠮᠢᠷ ‍ᠤᠨ‌ᠤᠷᠤᠯᠳᠤᠭᠠᠨ﹀ ᠳᠤ ᠬᠦᠴᠦᠨ ᠨᠡᠮᠡᠷᠢᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃    ᠵᠢᠶᠠᠩ ᠵᠢᠶᠦ᠋ᠨ ᠶᠦᠩ ᠴᠢᠬᠤᠯᠠᠴᠢᠯᠠᠭᠰᠠᠨ ᠨᠢ᠂ ᠣᠯᠠᠨ ᠢᠶᠠᠷ ᠢᠶᠠᠨ ︽ᠨᠢᠭᠡ ᠬᠤᠷᠠᠯ ᠢ ᠰᠠᠶᠢᠲᠤᠷ ᠡᠷᠭᠢᠯᠡᠵᠦ᠂ ᠨᠢᠭᠡ ᠬᠤᠲᠠ ᠶᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠨ᠂ ᠪᠣᠯᠪᠠᠰᠤᠷᠠᠭᠤᠯᠤᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠢᠶᠠᠷ ᠵᠢᠯᠣᠭᠤᠳᠬᠤ᠂ ᠪᠣᠯᠪᠠᠰᠤᠨ ᠢᠶᠠᠷ  ᠦᠢᠯᠡᠴᠢᠯᠡᠬᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠰᠡᠳᠬᠢᠯ ᠢᠶᠠᠨ ᠨᠢᠭᠡᠳᠬᠡᠨ ᠬᠠᠮᠲᠤ ᠪᠠᠷ ᠤᠷᠤᠭᠰᠢᠯᠠᠬᠤ ᠶᠢ ᠪᠡᠶᠡᠯᠡᠭᠦᠯᠵᠦ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ  ᠤᠨ ᠤᠷᠤᠯᠳᠤᠭᠠᠨ︾ ᠢ ᠠᠮᠵᠢᠯᠲᠠ ᠲᠠᠢ ᠡᠷᠭᠢᠯᠡᠬᠦ ᠳᠤ ᠵᠠᠮ ᠲᠡᠭᠡᠭᠡᠪᠦᠷᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ