ᠵᠠᠯᠠᠨ ᠠᠶᠢᠯ ᠬᠤᠳᠠ ᠶᠢᠨ ᠬᠢᠨ ᠬᠤᠳᠠ ᠶᠢᠨ ᠨᠠᠮ ᠤᠨ  ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/17
1.jpg
2.jpg
    11 ᠰᠠᠷ᠎ᠠ ᠶᠢᠨ 9 ᠤ ᠡᠳᠦᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠡ ᠶᠢᠨ ᠱᠦᠵᠢ ᠪᠠᠢ ᡁᠢ ᠵᠢᠶᠦ᠋ᠨ ᠬᠤᠳᠠ ᠶᠢᠨ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠪᠣᠯᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ︽ᠳᠠᠪᠠᠭᠤᠯᠢᠭ ᠢᠶᠠᠨ ᠪᠠᠳᠠᠷᠠᠭᠤᠯᠵᠤ᠂  ᠵᠦᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠷᠨᠢᠭᠦᠯᠵᠡᠢ᠃ ᠬᠤᠳᠠ ᠶᠢᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠪᠠᠶ ᡁᠢ ᠵᠢᠶᠦ᠋ᠨ᠂ ᠰᠦᠨ ᠰᠢᠤ ᠹᠸᠢ᠂ ᠢᠦᠶ ᠫᠢᠩ᠂ ᠵᠠᠩ ᠯᠢ ᠵᠢᠶᠦ᠋ᠨ ᠵᠡᠷᠭᠡ ᠨᠥᠬᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠵᠠᠯᠠᠨ ᠠᠶᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠤᠨ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃    ᠪᠠᠢ ᡁᠢ ᠵᠢᠶᠦ᠋ᠨ᠂ ᠪᠦᠬᠦ ᠬᠤᠳᠠ ᠶᠢᠨ ᠡᠯ᠎ᠡ ᠱᠠᠲᠤᠨ ᠤ ᠤᠳᠤᠷᠢᠳᠬᠤ ᠺᠠᠲᠡᠷ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠳᠠᠪᠠᠭᠤᠯᠢᠭ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠬᠦᠴᠦᠨ ᠢᠶᠠᠨ ᠬᠤᠷᠠᠮᠳᠤᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠶᠡᠭᠡ ᠰᠠᠶᠢᠨ ᠪᠠᠶᠢᠳᠠᠯ ᠢ ᠪᠠᠲᠤᠯᠠᠬᠤ ᠬᠡᠷᠡᠭᠲᠡᠢ︔ ᠠᠰᠠᠭᠤᠳᠠᠯ ᠳᠤ ᠰᠢᠭᠤᠳ ᠬᠠᠨᠳᠤᠵᠤ  ᠵᠦᠷᠢᠶ᠎ᠡ ᠪᠠᠨ ᠡᠷᠢᠵᠦ᠂ ᠦᠨᠡᠨᠬᠦ ᠪᠠᠶᠢᠴᠠᠭᠠᠨ ᠳᠡᠯᠭᠡᠬᠦ᠂ ᠦᠨᠡᠨᠬᠦ ᠴᠡᠭᠴᠡᠯᠡᠨ ᠰᠠᠶᠢᠵᠢᠷᠠᠭᠤᠯᠬᠤ᠂ ᠦᠨᠡᠨᠬᠦ ᠳᠡᠭᠡᠭᠰᠢᠯᠡᠭᠦᠯᠬᠦ ᠶᠢ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠳᠦᠬᠡᠨ ᠪᠠᠶᠢᠭᠤᠯᠬᠤ︾ ᠬᠠᠷᠠᠯᠲᠠ ᠶᠢ ᠲᠣᠭᠲᠠᠭᠠᠵᠤ᠂ ᠰᠠᠶᠢᠨ ᠢᠶᠠᠷ ᠡᠬᠢᠯᠡᠨ ᠰᠠᠶᠢᠨ ᠢᠶᠠᠷ ᠲᠡᠭᠦᠰᠬᠡᠵᠦ᠂ ᠰᠠᠶᠢᠨ ᠢᠶᠠᠷ ᠬᠢᠵᠦ ᠰᠠᠶᠢᠨ ᠢᠶᠠᠷ ᠪᠦᠲᠦᠭᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠲᠠᠢ ᠪᠠᠷ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ ᠠᠵᠢᠯ ᠳᠤ ᠳᠠᠰᠤᠷᠠᠯᠳᠠ ᠦᠬᠡᠢ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠣᠳᠣᠬᠢᠴᠢᠯᠠᠭᠰᠠᠨ ᠪᠦᠳᠦᠬᠡᠨ ᠪᠠᠶᠢᠭᠤᠯᠤᠯᠲᠠ ᠶᠢᠨ ᠵᠠᠯᠠᠨ ᠠᠶᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ