ᠵᠠᠯᠠᠨ ᠠᠶᠢᠯ ᠬᠤᠲᠠ ᠶᠢᠨ ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/11/2
    ᠵᠠᠯᠠᠨ ᠠᠶᠢᠯ ᠬᠤᠲᠠ ᠶᠢᠨ ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ  ᠬᠤᠲᠠ ᠶᠢᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠪᠠ ᠬᠤᠲᠠ ᠶᠢᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠵᠣᠬᠢᠬᠤ ᠡᠭᠦᠷᠭᠡ ᠴᠢᠳᠠᠪᠤᠷᠢ ᠶᠢ ᠭᠦᠢᠴᠡᠳᠭᠡᠵᠦ᠂ ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ  ᠪᠣᠯ ᠵᠢᠩᠬᠢᠨᠢ ᠰᠠᠯᠠᠭᠠᠨ ᠤ ᠲᠠᠰ  ᠪᠣᠯᠤᠨ᠎ᠠ᠃    ᠨᠢᠭᠡ᠂ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠦᠯᠭ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠪᠦᠬᠦ ᠰᠤᠮᠤ ᠶᠢᠨ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠭᠦᠳ ᠤᠨ ᠶᠡᠭᠡ ᠬᠤᠷᠠᠯ︶ ᠤᠨ ᠰᠢᠢᠳᠪᠦᠷᠢ ᠶᠢ ᠲᠤᠤᠱᠯᠠᠭᠤᠯᠤᠨ ᠬᠡᠷᠡᠭᠵᠢᠭᠦᠯᠦᠨ᠎ᠡ ︔ ᠲᠤᠰ ᠰᠤᠮᠤ ᠶᠢᠨ ᠢᠶᠠᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃    ︵ᠬᠤᠶᠠᠷ︶ ᠰᠤᠮᠤᠨ ᠤ ᠵᠠᠰᠠᠭ ᠤᠨ ᠡᠷᠬᠡᠲᠦ ᠪᠠᠶᠢᠭᠤᠯᠭ᠎ᠠ ᠪᠠ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠤᠳᠤᠷᠢᠳᠤᠨ ᠲᠡᠭᠦᠨ ᠳᠤ ᠬᠢᠨᠠᠯᠲᠠ ᠲᠠᠯᠪᠢᠵᠤ ᠂ ᠡᠳᠡᠭᠡᠷ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠡᠷᠬᠡ ᠲᠤᠰᠢᠶᠠᠯ ᠢᠶᠠᠨ ᠵᠥᠪ ᠢᠶᠠᠷ ᠬᠡᠷᠡᠭᠵᠢᠭᠦᠯᠬᠦ ᠶᠢ ᠳᠡᠮᠵᠢᠬᠦ ᠪᠠ ᠪᠠᠲᠤᠯᠠᠨ᠎ᠠ᠃    ︵ᠭᠤᠷᠪᠠ︶ ᠨᠠᠮ ᠤᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠪᠠ ᠨᠠᠮ ᠤᠨ ᠡᠭᠦᠷ ᠢᠶᠠᠷ ᠭᠤᠣᠯᠯᠠᠭᠤᠯᠤᠭᠰᠠᠨ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠺᠠᠲᠡᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠺᠠᠲᠡᠷ ᠢ  ᠰᠤᠷᠭᠠᠨ ᠬᠥᠮᠦᠵᠢᠭᠦᠯᠬᠦ᠂ ᠰᠢᠯᠢᠨ ᠳᠡᠪᠰᠢᠭᠦᠯᠬᠦ᠂ ᠬᠡᠷᠡᠭᠯᠡᠬᠦ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃    ︵ᠲᠦᠷᠪᠡ︶ ᠲᠤᠰ ᠰᠤᠮᠤ ᠶᠢᠨ ᠢᠶᠠᠨ ᠨᠡᠶᠢᠭᠡᠮ ᠵᠢᠷᠤᠮ ᠤᠨ ᠤᠯᠤᠰ ᠲᠦᠷᠦ ᠶᠢᠨ ᠪᠣᠯᠪᠠᠰᠤᠨ᠂ ᠪᠣᠳᠠᠰ ᠤᠨ ᠪᠣᠯᠪᠠᠰᠤᠨ᠂ ᠤᠶᠦᠠ ᠤ ᠪᠣᠯᠪᠠᠰᠤᠨ ᠪᠠ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢ ᠤᠳᠤᠷᠢᠳᠴᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠢ ᠤᠳᠤᠷᠢᠳᠤᠨ᠎ᠠ᠃     ︵ᠲᠠᠪᠤ︶ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠭᠠᠴᠠᠭᠠᠨ ᠤ ᠠᠷᠠᠳ ᠤᠨ ᠵᠥᠪᠯᠡᠯ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠵᠤ᠂ ᠰᠤᠮᠤ ᠪᠠ ᠭᠠᠴᠠᠭᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠦᠢᠯᠡᠳᠦᠯ ᠢ ᠨᠢ ᠪᠠᠳᠠᠷᠠᠭᠤᠯᠤᠨ᠎ᠠ︔ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯ ᠢ ᠬᠠᠪᠰᠤᠷᠤᠨ ᠬᠢᠨ᠎ᠡ᠃    ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠰᠢᠭᠤᠶᠢᠲᠤ ᠣᠷᠣᠨ  ᠲᠠᠬᠢ ᠨᠠᠮ ᠪᠣᠯᠤᠨ ᠤᠯᠤᠰ ‍ᠤᠨ‌ᠡᠯ᠎ᠡ ᠵᠦᠢᠯ  ᠤᠨ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ᠂ ᠳᠡᠭᠡᠳᠦ ᠱᠠᠲᠤᠨ ᠤ ᠨᠠᠮ ‍ᠤᠨ‌ᠬᠤᠷᠢᠶ᠎ᠠ᠂ ᠵᠠᠰᠠᠭ ‍ᠤᠨ‌ᠣᠷᠳᠣᠨ ‍ᠤ‌ᠠᠵᠢᠯ  ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠵᠠᠰᠠᠭ  ᠤᠨ ᠣᠷᠳᠣᠨ ᠤ ᠠᠵᠢᠯ  ᠤᠨ ᠲᠤᠬᠠᠶ ᠲᠤᠰ ᠱᠠᠲᠤᠨ ᠤ ᠨᠠᠮ ᠤᠨ ᠬᠤᠷᠢᠶ᠎ᠠ᠂ ᠠᠷᠠᠳ ‍ᠤᠨ‌‍ᠲ᠋ᠥ᠋ᠯᠥᠭᠡᠯᠡᠭᠴᠢᠳ  ᠤᠨ ᠶᠡᠭᠡ ᠬᠤᠷᠠᠯ  ᠤᠨ ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃     ︵ᠲᠤᠯᠤᠭ᠎ᠠ︶ ᠲᠠᠷᠢᠶᠠᠯᠠᠩ ᠮᠠᠯ ᠠᠵᠤ ᠠᠬᠤᠶ ᠤᠢ ᠰᠢᠭᠤᠶ ᠵᠢᠨ‌ᠠᠵᠤ ᠠᠬᠤᠶ   ᠵᠢᠨ‌ᠠᠵᠢᠯ   ‍ᠤᠨ‌ᠬᠠᠮᠢᠶᠠᠷᠤᠯᠲᠠ ᠪᠣᠯᠤᠨ ᠵᠣᠬᠢᠶᠠᠨ ᠪᠠᠶᠢᠭᠤᠯᠤᠨ ᠵᠣᠬᠢᠴᠠᠭᠤᠯᠬᠤ  ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠵᠢᠨ‌‍ᠪᠦ᠋ᠲᠦᠴᠡ   ᠵᠢᠨ‌‍ᠲ᠋ᠤᠬᠢᠷᠠᠭᠤᠯᠤᠯᠳᠠ   ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ   ᠵᠢᠨ‌ᠠᠵᠤ ᠦᠢᠯᠡᠰᠵᠢᠯᠲᠡ  ᠵᠢᠨ‌ᠠᠬᠢᠴᠠ   ᠢ ᠲᠦᠷᠭᠡᠳᠬᠡᠨ᠂ ᠲᠠᠷᠢᠶᠠᠯᠠᠬᠤ ᠮᠠᠯᠵᠢᠬᠤ ᠣᠷᠣᠨ  ᠤ ᠤᠢ ᠰᠢᠭᠤᠶ  ᠵᠢᠨ‌ᠣᠷᠣᠨ  ᠤ ᠬᠥᠳᠡᠯᠮᠦᠷᠢ ᠬᠦᠴᠦᠨ ᠢ  ᠬᠥᠲᠥᠯᠥᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠰᠢ ᠰᠢᠯᠵᠢᠭᠦᠯᠵᠦ᠂ ᠨᠡᠶᠢᠭᠡᠮ ᠵᠢᠷᠤᠮ ‍ᠤᠨ‌‍ᠰᠢᠨ᠎ᠡ ᠬᠥᠳᠡᠭᠡ ᠲᠣᠰᠬᠤᠨ  ᠤ ᠪᠦᠳᠦᠭᠡᠨ ᠪᠠᠶᠢᠭᠤᠯᠤᠯᠲᠠ  ᠶᠢ ᠬᠥᠲᠥᠯᠥᠨ ᠵᠢᠯᠣᠭᠤᠳᠬᠤ ᠪᠠ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ  ᠤ ᠤᠢ ᠰᠢᠭᠤᠶ ᠵᠢᠨ‌ᠣᠷᠣᠨ   ᠤ ᠠᠵᠤ ᠠᠬᠤᠶ ᠵᠢᠨ‌ᠡᠷᠡᠭᠦᠯ   ᠢᠶᠠᠷ ᠬᠥᠭᠵᠢᠬᠦ  ᠶᠢ ᠠᠬᠢᠭᠤᠯᠤᠨ᠎ᠠ᠃    ︵ᠨᠠᠢᠮᠠ︶ ᠤᠯᠤᠰ ᠤᠨ ᠥᠮᠴᠢᠯᠡᠯ ᠤᠨ ᠪᠠ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃     ︵ᠶᠢᠰᠦ︶ ᠠᠵᠢᠯ ᠣᠯᠭᠤᠬᠤ ᠦᠢᠯᠡᠴᠢᠯᠡᠭᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠴᠢᠨ ᠮᠠᠯᠴᠢᠳ᠂ ᠬᠤᠳᠠ ᠪᠠᠯᠭᠠᠰᠤᠨ  ᠤ ᠰᠠᠭᠤᠭᠠᠯᠢ ᠠᠷᠠᠳ ‍ᠤᠨ‌ᠮᠡᠳᠡᠭᠡ ᠵᠠᠩᠭᠢ ᠶᠢᠨ ᠦᠢᠯᠡᠴᠢᠯᠡᠭᠡ ᠂ ᠮᠡᠷᠭᠡᠵᠢᠯ ‍ᠦᠨ‌ᠦᠢᠯᠡᠴᠢᠯᠡᠭᠡ ᠬᠠᠩᠭᠠᠵᠤ᠂ ᠰᠣᠶᠣᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ‍ᠤᠨ‌ᠦᠢᠯᠡᠴᠢᠯᠡᠭᠡ ᠥᠷᠨᠢᠭᠦᠯᠦᠨ᠎ᠡ᠃ ᠮᠠᠯᠴᠢᠨ ᠲᠠᠷᠢᠶᠠᠴᠢᠳ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ   ᠤᠶᠢᠯᠡᠰ ᠤᠨ ᠬᠥᠭᠵᠢᠯᠲᠡ ᠶᠢ ᠠᠬᠢᠭᠤᠯᠤᠨ᠎ᠠ᠃     ︵ᠠᠷᠪᠠ︶ ︽ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠵᠢᠴᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠭᠠᠴᠠᠭᠠᠨ ᠤ ᠠᠷᠠᠳ ᠤᠨ ᠵᠥᠪᠯᠡᠯ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ  ᠤᠶᠢᠯᠡᠳᠤᠯ ᠢ ᠭᠦᠢᠴᠡᠳ ᠪᠠᠳᠠᠷᠠᠭᠤᠯᠤᠨ᠂ ᠭᠠᠴᠠᠭᠠᠨ ᠤ ᠠᠷᠠᠳ ᠤᠨ ᠵᠥᠪᠯᠡᠯ ᠪᠠ ᠮᠠᠯᠴᠢᠨ ᠲᠠᠷᠢᠶᠠᠴᠢᠨ ᠤ ᠥᠪᠡᠷ ᠢ ᠪᠠᠨ ᠬᠠᠮᠢᠶᠠᠷᠴᠤ ᠥᠪᠡᠷ ᠲᠡᠭᠡᠨ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠠ ᠪᠦᠲᠦᠭᠡᠯᠴᠢ ᠴᠢᠨᠠᠷ ᠢ  ᠳᠠᠶᠢᠴᠢᠯᠠᠨ᠎ᠠ᠃     ︵ᠠᠷᠪᠠᠨ ᠨᠢᠭᠡ︶ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠣᠷᠴᠢᠨ ᠨᠥᠬᠦᠴᠡᠯ᠂ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃    ︵ᠠᠷᠪᠠᠨ ᠬᠤᠶᠠᠷ︶ ᠳᠡᠭᠡᠳᠦ ᠱᠠᠲᠤᠨ ᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠬᠠᠷᠢᠴᠠᠭ᠎ᠠ ᠪᠠᠨ ᠵᠣᠬᠢᠴᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ    ᠤ ᠪᠠᠨ‌ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃    ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠵᠢᠴᠢ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃     ᠬᠤᠶᠠᠷ᠂ ᠳᠣᠲᠣᠭᠠᠳᠤ ᠪᠠᠶᠢᠭᠤᠯᠤᠮᠵᠢ    ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠠᠮ ᠤᠨ ᠠᠵᠢᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠴᠠᠯᠢᠩ ᠠᠵᠢᠯᠳᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃     ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠦᠢᠯᠡᠴᠢᠯᠡᠭᠡᠨ‌‍ᠤ  ᠦᠢᠯᠡᠰ ᠵᠡᠷᠭᠡ ᠠᠵᠤ  ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃     ︵ᠳᠥᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠃ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠲᠥᠯᠥᠪᠯᠡᠭᠡ ᠲᠠᠢ ᠪᠠᠷ ᠬᠡᠦᠬᠡᠳ ᠠᠪᠬᠤ ᠶᠢ ᠬᠠᠷᠢᠭᠤᠴᠠᠨ᠎ᠠ ︔  ᠲᠤᠭ᠎ᠠ ᠪᠦᠷᠢᠳᠬᠡᠯ ᠢ ᠬᠠᠷᠢᠭᠤᠴᠠᠨ᠎ᠠ︔ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢ ᠬᠠᠷᠢᠭᠤᠴᠠᠨ᠎ᠠ︔ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠷᠢᠭᠤᠴᠠᠨ᠎ᠠ᠃     ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠲᠣᠤᠷᠵᠢᠭᠤᠯᠤᠭᠰᠠᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔ ᠠᠷᠠᠳ ᠤᠨ ᠵᠡᠪᠰᠡᠭᠲᠦ ᠬᠦᠴᠦᠨ ᠢ ᠬᠠᠷᠢᠭᠤᠴᠠᠨ᠎ᠠ᠃     ᠬᠠᠶ᠋ᠢᠭ᠄ ᠵᠠᠯᠠᠨ ᠠᠶᠢᠯ ᠬᠤᠲᠠ ᠶᠢᠨ ᠸᠠᠲ ᠰᠢᠶᠠᠩ ᠤᠨ ᠳ᠋ᠧ ᠸᠠ ᠵᠠᠰᠠᠮᠠᠯ ᠵᠠᠮ ᠤᠨ ᠵᠡᠭᠦᠨ ᠲᠠᠯ᠎ᠠ ᠶᠢᠨ ᠵᠠᠰᠠᠭ ᠤᠨ ᠣᠷᠳᠣᠨ ᠤ ᠲᠠᠯᠠᠪᠠᠶ ᠶᠢᠨ 1 ᠳ᠋ᠦᠭᠡᠷ ᠨᠣᠮᠧᠷᠲᠤ   ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ    ᠰᠢᠦᠳᠠᠨ ᠳ᠋ᠤᠭᠠᠷ᠄ 162675    ᠰᠦᠯᠵᠢᠶᠡᠨ ᠤ ᠬᠠᠶ᠋ᠢᠭ᠄ www.zhalantun.gov.cn    ᠬᠠᠷᠢᠯᠴᠠᠬᠤ ᠬᠡᠯᠪᠡᠷᠢ᠄ 0470 — 3818103    ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00︔ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠼᠦᠢ ᠯᠢ ᠬᠤᠩ     ᠭᠤᠷᠪᠠ᠂ ᠬᠠᠷᠢᠶ᠎ᠠ ᠪᠠᠶᠢᠭᠤᠯᠤᠮᠵᠢ    ︵ᠨᠢᠭᠡ︶ ᠨᠠᠮ ᠪᠠ ᠣᠯᠠᠨ ᠲᠦᠮᠡᠨ ᠤ ᠦᠢᠯᠡᠴᠢᠯᠡᠭᠡᠨ‌‍ᠤ ᠲᠥᠪ᠃    1. ᠪᠠᠶᠢᠭᠤᠯᠤᠮᠵᠢ ᠶᠢᠨ ᠪᠠᠶᠢᠷᠢᠯᠠᠭᠤᠯᠤᠯᠲᠠ      ᠵᠠᠯᠠᠨ ᠠᠶᠢᠯ ᠬᠤᠲᠠ ᠶᠢᠨ ᠸᠠᠲ ᠰᠢᠶᠠᠩ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ‌‍ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠡᠭᠡ ᠶᠢᠨ ᠭᠠᠵᠠᠷ ᠤᠨ ᠫᠠᠶᠢᠰᠠ ᠶᠢ ᠡᠯᠭᠦᠪᠡ︶ ᠪᠣᠯ ᠵᠠᠯᠠᠨ ᠠᠶᠢᠯ ᠬᠤᠲᠠ ᠶᠢᠨ ᠸᠠᠲ ᠰᠢᠶᠠᠩ ᠤᠨ ᠨᠠᠮ ᠤᠨ ᠬᠤᠷᠢᠶ᠎ᠠ ᠳᠤ ᠬᠠᠷᠢᠶᠠᠯᠠᠭᠳᠠᠬᠤ ᠳᠡᠳ᠋ ᠰᠠᠯᠠᠭᠠᠨ ᠤ ᠲᠠᠰ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃     2. ᠭᠤᠣᠯ ᠡᠭᠦᠷᠭᠡ ᠬᠠᠷᠢᠭᠤᠴᠠᠯᠭ᠎ᠠ    ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ  ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ  ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ‌ᠦᠢᠯᠡᠴᠢᠯᠡᠭᠡᠨ‌‍ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ︔ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠳᠤ ᠦᠢᠯᠡᠴᠢᠯᠡᠬᠦ ᠶᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠯᠬᠤ ᠪᠠ ᠠᠳᠠᠯ  ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃      ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ  ᠸᠠᠲ ᠰᠢᠶᠠᠩ ᠤᠨ ᠳ᠋ᠧ ᠸᠠ ᠵᠠᠰᠠᠮᠠᠯ ᠵᠠᠮ ᠤᠨ ᠵᠡᠭᠦᠨ ᠲᠠᠯ᠎ᠠ ᠶᠢᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠶᠢᠨ 1 ᠳ᠋ᠦᠭᠡᠷ ᠨᠣᠮᠧᠷᠲᠤ  ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠨᠠᠮ ᠪᠠ ᠣᠯᠠᠨ ᠲᠦᠮᠡᠨ ᠤ  ᠦᠢᠯᠡᠴᠢᠯᠡᠭᠡᠨ‌‍ᠤ ᠲᠥᠪ    ᠰᠢᠦᠳᠠᠨ ᠳ᠋ᠤᠭᠠᠷ᠄ 162675    ᠰᠦᠯᠵᠢᠶᠡᠨ ᠤ ᠬᠠᠶ᠋ᠢᠭ᠄ www.zhalantun.gov.cn    ᠬᠠᠷᠢᠯᠴᠠᠬᠤ ᠬᠡᠯᠪᠡᠷᠢ᠄ 0470 — 3818103    ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00︔ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠶᠠᠩ ᠵᠦᠩ ᠯᠢᠨ     1.ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠵᠠᠯᠠᠨ ᠠᠶᠢᠯ ᠬᠤᠲᠠ ᠶᠢᠨ ᠸᠠᠲ ᠰᠢᠶᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠵᠠᠯᠠᠨ ᠠᠶᠢᠯ ᠬᠤᠲᠠ ᠶᠢᠨ  ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭᠠᠨ ᠤ ᠲᠠᠰ ᠤᠨ ᠠᠵᠢᠯ  ᠦᠢᠯᠡᠰ ᠤᠨ  ᠨᠢᠭᠡᠴᠢ ᠪᠣᠯᠤᠨ᠎ᠠ᠃    2.ᠭᠤᠣᠯ ᠡᠭᠦᠷᠭᠡ ᠬᠠᠷᠢᠭᠤᠴᠠᠯᠭ᠎ᠠ    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠰᠢᠢᠳᠪᠦᠷᠢᠯᠡᠬᠦ ᠂ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶ ᠮᠠᠲ᠋ᠧᠷᠢᠶᠠᠯ ᠢ ᠲᠤᠭᠤᠷᠪᠢᠬᠤ᠂ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭᠡᠴᠢ᠂ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠬᠢᠬᠦ ᠵᠡᠷᠭᠡ ᠠᠵᠢᠯ ᠢ ᠬᠠᠷᠢᠭᠤᠴᠠᠨ᠎ᠠ︔ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠬᠢᠨᠠᠨ ᠬᠠᠷᠭᠤᠭᠤᠯᠬᠤ᠂ ᠪᠦᠷᠢᠳᠬᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠢ 2 ᠬᠡᠰᠡᠭ ᠲᠣᠭᠤᠷᠢᠭ ᠬᠤᠪᠢᠶᠠᠨ ᠲᠥᠪᠯᠡᠷᠡᠭᠦᠯᠦᠨ ᠬᠠᠤᠯᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠷᠢᠶ᠎ᠠ ᠣᠷᠣᠨ ᠤ ᠬᠡᠪᠴᠢᠶᠡᠨ ᠳᠠᠬᠢ ᠨᠠᠶᠢᠳᠠᠯᠭ᠎ᠠ ᠬᠦᠯᠢᠶᠡᠭᠰᠡᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃     ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ ᠸᠠᠲ ᠰᠢᠶᠠᠩ ᠤᠨ ᠳ᠋ᠧ ᠸᠠ ᠵᠠᠰᠠᠮᠠᠯ ᠵᠠᠮ ᠤᠨ ᠵᠡᠭᠦᠨ ᠲᠠᠯ᠎ᠠ ᠶᠢᠨ ᠵᠠᠰᠠᠭ ᠤᠨ ᠣᠷᠳᠣᠨ ᠤ ᠲᠠᠯᠠᠪᠠᠶ ᠶᠢᠨ 1 ᠳ᠋ᠦᠭᠡᠷ ᠨᠣᠮᠧᠷᠲᠤ  ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ 50 ᠮᠧᠲᠷ ᠤᠨ ᠬᠤᠶᠠᠳᠤᠭᠠᠷ ᠠᠰᠠᠷ    ᠰᠢᠦᠳᠠᠨ ᠳ᠋ᠤᠭᠠᠷ᠄ 162675    ᠰᠦᠯᠵᠢᠶᠡᠨ ᠤ ᠬᠠᠶ᠋ᠢᠭ᠄ www.zhalantun.gov.cn    ᠬᠠᠷᠢᠯᠴᠠᠬᠤ ᠬᠡᠯᠪᠡᠷᠢ᠄ 0470 — 3818103    ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00︔ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠳ᠋ᠧᠩ ᠴᠠᠩ ᠵᠤ     ︵ᠭᠤᠷᠪᠠ︶ ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ᠃    1. ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠵᠠᠯᠠᠨ ᠠᠶᠢᠯ ᠬᠤᠲᠠ ᠶᠢᠨ ᠸᠠᠲ ᠰᠢᠶᠠᠩ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠪᠣᠯ ᠵᠠᠯᠠᠨ ᠠᠶᠢᠯ ᠬᠤᠲᠠ ᠶᠢᠨ  ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭ᠎ᠠ ᠶᠢᠨ ᠲᠠᠰ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃     2. ᠭᠤᠣᠯ ᠡᠭᠦᠷᠭᠡ ᠬᠠᠷᠢᠭᠤᠴᠠᠯᠭ᠎ᠠ     ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠪᠣᠯᠪᠠᠰᠤᠷᠠᠭᠤᠯᠤᠯ᠂ ᠳᠡᠯᠭᠡᠷᠡᠭᠦᠯᠦᠯᠲᠡ ᠶᠢᠨ  ᠦᠢᠯᠡᠴᠢᠯᠡᠭᠡ ᠶᠢ ᠬᠠᠷᠢᠭᠤᠴᠠᠨ᠎ᠠ︔ ᠪᠣᠬᠢᠷᠲᠤᠯ ᠥᠬᠡᠶ᠂ ᠣᠷᠭᠠᠨᠢᠭ᠂ ᠨᠡᠶᠢᠲᠡ ᠶᠢᠨ ᠬᠥᠨᠥᠭᠡᠯ ᠥᠬᠡᠶ᠂ ᠭᠠᠵᠠᠷ ᠵᠦᠶ ᠶᠢᠨ ᠲᠡᠮᠳᠡᠭ ᠵᠡᠷᠭᠡ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠰᠠᠭᠤᠷᠢᠨ ᠭᠠᠵᠠᠷ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ᠂ ᠪᠣᠯᠪᠠᠰᠤᠷᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠲᠠᠷᠢᠶᠠᠯᠠᠩ ᠤᠨ ᠬᠦᠷᠢᠶᠡᠨ ᠳᠠᠬᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢ ᠠᠰᠢᠭᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠮᠠᠯ ᠠᠵᠤ ᠠᠬᠤᠶ ᠲᠡᠵᠢᠭᠡᠨ ᠦᠷᠡᠵᠢᠭᠦᠯᠬᠦ ᠶᠢᠨ ᠪᠠᠷᠢᠮᠵᠢᠶᠠᠵᠢᠭᠤᠯᠤᠭᠰᠠᠨ‌ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠷᠢᠳᠬᠡᠬᠦ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢᠨ ᠵᠢᠯᠣᠭᠤᠳᠣᠯᠭ᠎ᠠ ᠪᠠ  ᠦᠢᠯᠡᠴᠢᠯᠡᠭᠡ ᠶᠢ ᠬᠠᠷᠢᠭᠤᠴᠠᠨ᠎ᠠ︔ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠪᠠ ᠤᠰᠠᠳᠬᠠᠬᠤ ᠶᠢ ᠬᠠᠷᠢᠭᠤᠴᠠᠨ᠎ᠠ︔ ᠠᠮᠢᠳᠡᠠ ᠵᠢᠴᠢ ᠠᠮᠢᠳᠡᠠ ᠤ ᠤᠢᠢᠯᠡᠦᠡᠭᠡᠬᠦᠠ ᠤ ᠬᠢᠵᠢᠭ ᠢ ᠪᠠᠶᠢᠴᠠᠭᠠᠬᠤ ᠪᠠ ᠠᠮᠢᠳᠡᠠ ᠤ ᠬᠢᠵᠢᠭ ᠢ ᠰᠡᠷᠭᠡᠶᠢᠯᠡᠬᠦ ᠵᠡᠷᠭᠡ ᠪᠤᠰᠤᠳ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠰᠢᠨ᠎ᠡ ᠮᠡᠷᠭᠡᠵᠢᠯ ᠤᠨ ᠪᠣᠯᠪᠠᠰᠤᠷᠠᠭᠤᠯᠤᠯ᠂ ᠳᠡᠯᠭᠡᠷᠡᠭᠦᠯᠦᠯᠲᠡ ᠶᠢᠨ ᠦᠢᠯᠡᠴᠢᠯᠡᠭᠡ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠪᠠ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠪᠠ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠠᠵᠢᠯᠯᠠᠭᠠᠨ ᠤ ᠬᠠᠮᠠᠭᠠᠯᠠᠯᠲᠠ ᠵᠢᠴᠢ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠬᠠᠷᠢᠭᠤᠴᠠᠨ᠎ᠠ︔ ᠣᠶ ᠰᠢᠭᠤᠶ ᠶᠢᠨ ᠭᠠᠯ ᠰᠡᠷᠭᠡᠶᠢᠯᠡᠬᠦ᠂ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠯᠲᠠ᠂ ᠬᠠᠮᠲᠤ ᠶᠢᠨ ᠣᠶ ᠮᠣᠳᠣᠨ ᠤ ᠡᠷᠬᠡ ᠵᠡᠷᠭᠡ ᠣᠶ ᠰᠢᠭᠤᠶ ᠶᠢᠨ ᠶᠠᠪᠤᠳᠠᠯ ᠣᠶ ᠮᠣᠳᠣᠨ ᠤ ᠡᠷᠬᠡ ᠶᠢᠨ ᠦᠢᠯᠡᠴᠢᠯᠡᠭᠡᠨ ᠤ ᠣᠶ ᠰᠢᠭᠤᠶ ᠡᠪᠡᠰᠦᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯ ᠢ ᠥᠷᠨᠢᠭᠦᠯᠬᠦ ᠶᠢ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ᠂ ᠳᠡᠯᠭᠡᠷᠡᠭᠦᠯᠦᠯᠲᠡ ᠶᠢᠨ ᠦᠢᠯᠡᠴᠢᠯᠡᠭᠡ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠤᠢ ᠰᠢᠭᠤᠶ᠂ ᠤᠢ ᠮᠣᠳᠣ᠂ ᠰᠢᠭᠤᠶᠢᠲᠤ ᠭᠠᠵᠠᠷ᠂ ᠡᠪᠡᠰᠦᠲᠦ ᠭᠠᠵᠠᠷ᠂ ᠲᠠᠷᠢᠶᠠᠨ ᠭᠠᠵᠠᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠲᠤᠬᠠᠶ ᠮᠠᠷᠭᠤᠯᠳᠤᠭᠠᠨ ᠵᠡᠷᠭᠡ ᠠᠵᠢᠯ ᠢ  ᠰᠢᠢᠳᠪᠦᠷᠢᠯᠡᠨ᠎ᠡ︔ ᠮᠠᠯᠴᠢᠨ ᠲᠠᠷᠢᠶᠠᠴᠢᠳ ᠲᠤ ᠠᠵᠤ  ᠦᠢᠯᠡᠰ ᠤᠨ ᠮᠡᠳᠡᠭᠡ ᠵᠠᠩᠭᠢ ᠵᠢᠨ‌ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠯ ᠤᠨ ᠳᠠᠷᠠᠭᠠᠬᠢ ᠡᠵᠡᠩᠨᠡᠯᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ᠎ᠠ︔ ᠭᠠᠴᠠᠭᠠᠨ ᠤ ᠱᠠᠲᠤᠨ ᠤ ᠡᠯ᠎ᠡ ᠲᠦᠷᠦᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠴᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠪᠠ ᠡᠵᠡᠩᠨᠡᠯᠲᠡ ᠶᠢᠨ ᠲᠥᠯᠥᠪᠯᠡᠭᠡ ᠲᠣᠭᠲᠠᠭᠠᠬᠤ ᠳᠤᠨᠢ ᠬᠥᠳᠡᠭᠡ ᠲᠣᠰᠬᠤᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠦᠷᠲᠡᠭ ᠤᠨ ᠬᠤᠪᠢᠷᠠᠯᠲᠠ ᠶᠢᠨ ᠪᠠᠶᠢᠳᠠᠯ ᠢ ᠪᠠᠶᠢᠴᠠᠭᠠᠨ ᠪᠦᠷᠢᠳᠬᠡᠵᠦ᠂ ᠭᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠭᠡᠷ᠎ᠡ ᠶᠢ ᠲᠣᠭᠲᠠᠭᠠᠬᠤ᠂ ᠭᠦᠢᠴᠡᠳᠬᠡᠬᠦ ᠶᠢ ᠵᠢᠯᠣᠭᠤᠳᠴᠤ᠂ ᠭᠡᠷ᠎ᠡ ᠶᠢ ᠰᠢᠯᠭᠠᠨ ᠭᠡᠷᠡᠴᠢᠯᠡᠬᠦ ᠪᠠ ᠵᠠᠭᠤᠷᠠᠯᠳᠤᠭᠠᠨ ᠢ ᠡᠶᠡᠳᠡᠭᠦᠯᠬᠦ ᠵᠢᠴᠢ ᠳᠠᠩᠰᠠ ᠡᠪᠬᠡᠮᠡᠯ ᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃    ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ ᠸᠠᠲ ᠰᠢᠶᠠᠩ ᠤᠨ ᠳ᠋ᠧ ᠸᠠ ᠵᠠᠰᠠᠮᠠᠯ ᠵᠠᠮ ᠤᠨ ᠵᠡᠭᠦᠨ ᠲᠠᠯ᠎ᠠ ᠶᠢᠨ ᠵᠠᠰᠠᠭ ᠤᠨ ᠣᠷᠳᠣᠨ ᠤ ᠲᠠᠯᠠᠪᠠᠶ ᠶᠢᠨ 1 ᠳ᠋ᠦᠭᠡᠷ ᠨᠣᠮᠧᠷᠲᠤ  ᠸᠠᠲ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠠᠰᠠᠷ    ᠰᠢᠦᠳᠠᠨ ᠳ᠋ᠤᠭᠠᠷ᠄ 162675    ᠰᠦᠯᠵᠢᠶᠡᠨ ᠤ ᠬᠠᠶ᠋ᠢᠭ᠄ www.zhalantun.gov.cn    ᠬᠠᠷᠢᠯᠴᠠᠬᠤ ᠬᠡᠯᠪᠡᠷᠢ᠄ 0470 — 3818103    ᠠᠵᠢᠯᠯᠠᠬᠤ ᠴᠠᠭ᠄ ᠦᠳᠡ ᠶᠢᠨ ᠡᠮᠦᠨ᠎ᠡ 9᠄ 00 — 12᠄ 00︔ ᠦᠳᠡ ᠶᠢᠨ ᠬᠤᠶᠢᠨᠠᠬᠢ 14᠄ 00 — 17᠄ 00 ︵ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠯᠢᠦ  ᠹᠧᠩ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ