ᠣᠶᠢᠷ᠎ᠠ ᠳᠤ᠂ ᠳ᠋ᠠ ᠾᠧ ᠸᠠᠨ ᠪᠠᠯᠭᠠᠰᠤᠨ ᠳᠤ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠳ᠋ᠠ ᠾᠧ ᠸᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ | ᠬᠤᠩ ᠪᠢᠨ ᠬᠤᠷᠠᠯ ᠢ ᠡᠷᠭᠢᠯᠡᠵᠦ᠂ ᠳ᠋ᠠ ᠾᠧ ᠸᠠᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠡᠯ᠎ᠡ ᠲᠣᠰᠬᠤᠨ ᠢ ᠳᠠᠭᠠᠭᠠᠴᠢᠯᠠᠬᠤ ᠠᠵᠢᠯ ᠤᠨ | ᠳᠤᠭᠤᠶᠢᠯᠠᠩ ᠤᠨ ᠳᠠᠷᠤᠭ᠎ᠠ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠳ᠋ᠠ ᠾᠧ ᠸᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠴᠧᠨ ᠯᠢᠶᠠᠩ ᠲᠢᠶᠠᠨ ᠭᠤᠤᠯ ᠤᠨ | ᠳᠠᠷᠤᠭ᠎ᠠ ᠶᠢᠨ ᠲᠦᠷᠢᠮ ᠤᠨ ᠠᠵᠢᠯ ᠤᠨ ᠲᠤᠬᠠᠶ ᠳᠠᠬᠢᠨᠲᠠ ᠴᠢᠬᠤᠯᠠᠴᠢᠯᠠᠵᠤ᠂ ᠳᠠᠬᠢᠨᠲᠠ ᠪᠠᠶᠢᠷᠢᠯᠠᠭᠤᠯᠵᠤ᠂ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ | ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠶᠠᠨ ᠶᠠᠨ ᠵᠢᠶᠦ᠋ᠨ ᠣᠳᠣᠬᠠᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠠᠯ᠎ᠠ ᠪᠠᠷ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ | ᠪᠣᠳᠠᠲᠠᠶᠢᠵᠢᠭᠤᠯᠤᠨ ᠨᠠᠷᠢᠰᠬᠠᠵᠤ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ APP ᠶᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠵᠤ᠂ ᠡᠭᠦᠨ ᠢᠶᠠᠷ ᠰᠠᠭᠤᠷᠢ ᠪᠣᠯᠭᠠᠨ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠷ᠎ᠠ | ᠪᠦᠷᠢ ᠶᠢᠨ ᠤᠳᠠᠭ᠎ᠠ ᠳᠠᠷᠠᠭ᠎ᠠ ᠪᠠᠷ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠶᠢ ᠪᠠᠲᠤᠯᠠᠵᠤ᠂ ᠭᠤᠤᠯ ᠮᠥᠷᠡᠨ ᠨᠠᠭᠤᠷ ᠴᠥᠭᠦᠷᠥᠮ ᠢ | ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠤᠶᠠᠷ ᠲᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠣᠰᠬᠤᠨ ︵ | ᠰᠠᠭᠤᠭᠠᠯᠢ︶ ᠤ ᠬᠢᠨ ᠬᠤᠭ ᠨᠣᠪᠰᠢ ᠶᠢ ᠴᠡᠪᠡᠷᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯ ᠮᠥᠷᠡᠨ ᠤ | ᠵᠠᠮ ᠤᠨ ᠬᠤᠭ ᠨᠣᠪᠰᠢ ᠶᠢᠨ ᠡᠭᠦᠰᠬᠦ ᠠᠴᠠ ᠦᠨᠳᠦᠰᠦ ᠰᠤᠷᠪᠤᠯᠵᠢ ᠠᠴᠠ ᠨᠢ ᠵᠠᠶᠢᠯᠠᠰᠬᠢᠬᠦ ᠬᠡᠷᠡᠭᠲᠡᠢ︔ ᠭᠤᠣᠯ ᠮᠥᠷᠡᠨ ᠨᠠᠭᠤᠷ ᠴᠥᠭᠦᠷᠥᠮ ᠳᠤ ᠡᠯᠡᠰᠦ | ᠮᠠᠯᠲᠠᠬᠤ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠡᠯᠡᠰᠦ ᠮᠠᠯᠲᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ᠃ ᠭᠤᠷᠪᠠ ᠳᠤ | ᠥᠷᠭᠡᠨ ᠢᠶᠠᠷ ᠤᠬᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠵᠢᠷᠬᠢᠶ᠎ᠠ ᠶᠢᠨ ᠪᠦᠯᠦᠭᠯᠡᠯ᠂ ᠤᠯᠠᠨ ᠨᠡᠶᠢᠲᠡ ᠶᠢᠨ ᠳ᠋ᠤᠭᠠᠷ ᠵᠡᠷᠭᠡ ᠤᠯᠠᠨ | ᠵᠦᠢᠯ ᠤᠨ ᠠᠷᠭ᠎ᠠ ᠵᠠᠮ ᠢᠶᠠᠷ ᠤᠬᠠᠭᠤᠯᠵᠤ᠂ ᠤᠯᠠᠨ ᠲᠦᠮᠡᠨ ᠤ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ | ᠪᠦᠬᠦ ᠪᠠᠯᠭᠠᠰᠤᠨ ᠤ ᠰᠠᠭᠤᠭᠠᠯᠢ ᠠᠷᠠᠳ ᠤᠨ ᠠᠮᠤᠷ ᠲᠦᠪᠰᠢᠨ᠂ ᠡᠷᠡᠭᠦᠯ ᠡᠩᠬᠡ᠂ ᠦᠵᠡᠰᠬᠦᠯᠡᠩᠲᠦ ᠰᠠᠶᠢᠬᠠᠨ ᠂ ᠵᠣᠯ ᠵᠢᠷᠭᠠᠯᠲᠤ ᠭᠤᠣᠯ ᠮᠥᠷᠡᠨ ᠨᠠᠭᠤᠷ | ᠴᠥᠭᠦᠷᠥᠮ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠣᠷᠣᠯᠴᠠᠬᠤ ᠠᠭᠤᠷ ᠠᠮᠢᠰᠬᠤᠯ ᠢ ᠪᠤᠢ ᠪᠣᠯᠭᠠᠨ᠎ᠠ᠃ |