ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠭᠠᠮᠰᠢᠭ ᠢ ᠰᠡᠷᠭᠡᠶᠢᠯᠡᠵᠦ ᠥᠪᠡᠷ ᠢ ᠪᠠᠨ ᠠᠪᠤᠷᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 9 ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ | ᠨᠡᠶᠢᠭᠡᠮ ᠲᠣᠭᠤᠷᠢᠭ ᠤᠨ ᠬᠢᠨ ᠪᠥᠬᠦ ᠤᠯᠤᠰ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠪᠡ᠃ | ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠲᠤ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠰᠦᠬᠡ᠂ ᠭᠠᠯ ᠤᠨᠲᠠᠷᠠᠭᠠᠬᠤ | ᠬᠤᠪᠴᠠᠰᠤ ᠵᠡᠷᠭᠡ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠴᠢᠳᠠᠮᠵᠢ ᠶᠢ ᠨᠢᠭᠡᠳ ᠨᠢᠭᠡ ᠪᠠᠷ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠲᠤ ᠣᠯᠠᠨ ᠢ | ᠵᠢᠯᠣᠭᠤᠳᠤᠨ ᠬᠠᠪᠰᠤᠷᠴᠤ ᠪᠠᠶᠢᠭᠠᠳ ᠡᠲᠡᠭᠡᠷ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠮᠠᠶ᠋ᠢᠭ ᠢ ᠡᠵᠡᠮᠰᠢᠭᠦᠯᠵᠦ᠂ ᠰᠠᠭᠤᠭᠠᠯᠢ ᠠᠷᠠᠳ ᠢ ᠭᠠᠯ | ᠭᠠᠷᠤᠭᠰᠠᠨ ᠦᠶ᠎ᠡ ᠳᠤ ᠴᠠᠭ ᠲᠤᠬᠠᠶ ᠳᠤᠨᠢ ᠵᠥᠪ ᠣᠨᠣᠪᠴᠢᠲᠠᠶ ᠰᠢᠢᠳᠪᠦᠷᠢᠯᠡᠨ᠂ ᠬᠤᠤᠷ ᠬᠥᠨᠥᠭᠡᠯ ᠢ ᠨᠢ ᠪᠠᠭᠠᠰᠬᠠᠪᠠ᠃ ᠪᠣᠳᠠᠲᠤ ᠪᠣᠳᠠᠰ ᠤᠨ | ᠦᠵᠡᠭᠦᠯᠦᠯᠭᠡ ᠠᠴᠠ ᠭᠠᠳᠠᠨ᠎ᠠ᠂ ᠣᠳᠣᠬᠠᠨ ᠳᠤ ᠵᠢᠵᠢᠭ ᠲᠣᠭᠤᠷᠢᠭ ᠤᠨ ᠳᠣᠲᠣᠷᠠᠬᠢ ᠠᠰᠠᠷ ᠤᠨ ᠬᠤᠩᠭᠢᠯ ᠢ ᠳᠤᠷ᠎ᠠ ᠪᠠᠷ ᠢᠶᠠᠨ ᠲᠦᠯᠬᠢᠵᠦ ᠲᠠᠯᠪᠢᠬᠤ᠂ ᠴᠠᠬᠢᠯᠭᠠᠨ | ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠤᠲᠠᠰᠤ ᠶᠢ ᠳᠤᠷ᠎ᠠ ᠪᠠᠷ ᠢᠶᠠᠨ ᠵᠠᠯᠭᠠᠬᠤ᠂ ᠬᠤᠪᠢ ᠶᠢᠨ ᠮᠠᠰᠢᠨ ᠲᠡᠷᠭᠡ ᠭᠠᠯ ᠤᠨᠲᠠᠷᠠᠭᠠᠬᠤ ᠵᠠᠮ ᠢ ᠡᠵᠡᠯᠡᠨ | ᠬᠡᠷᠡᠭᠯᠡᠬᠦ ᠵᠡᠷᠭᠡ ᠦᠷᠭᠦᠯᠵᠢ ᠲᠣᠬᠢᠶᠠᠯᠳᠤᠳᠠᠭ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠰᠠᠭᠤᠭᠠᠯᠢ ᠠᠷᠠᠳ ᠲᠤ ᠡᠳᠡᠭᠡᠷ ᠳᠠᠯᠳᠠ | ᠭᠡᠮ ᠤᠨ ᠤᠴᠠᠷᠠᠭᠤᠯᠵᠤ ᠮᠡᠳᠡᠬᠦ ᠯᠤᠲᠤ ᠶᠡᠭᠡ ᠬᠤᠣᠷ ᠬᠥᠨᠥᠭᠡᠯ ᠢ ᠲᠠᠶᠢᠯᠪᠤᠷᠢᠯᠠᠵᠤ ᠥᠭᠬᠦ ᠶᠢᠨ ᠲᠥᠯᠥᠭᠡ᠂ ᠣᠯᠠᠨ ᠢᠶᠠᠷ ᠢᠶᠠᠨ ᠴᠠᠬᠢᠯᠭᠠᠨ ᠬᠥᠳᠡᠯᠭᠡᠭᠦᠷᠲᠦ | ᠲᠡᠷᠭᠡ ᠪᠠᠨ ᠲᠡᠷᠭᠡ ᠵᠣᠭᠰᠣᠬᠤ ᠰᠠᠷᠠᠪᠴᠢᠨ ᠳᠤ ᠵᠣᠭᠰᠣᠭᠠᠬᠤ ᠪᠠ ᠴᠠᠬᠢᠯᠭᠠᠨ ᠴᠡᠨᠡᠭᠯᠡᠬᠦ ᠶᠢ ᠰᠠᠨᠠᠭᠠᠴᠢᠯᠠᠵᠤ᠂ ᠠᠰᠠᠷ ᠤᠨ ᠳᠣᠲᠣᠷᠠᠬᠢ ᠠᠮᠤᠷ ᠲᠦᠪᠰᠢᠨ ᠤ | ᠨᠡᠪᠲᠡᠷᠡᠬᠦ ᠵᠠᠮ ᠪᠠ ᠵᠢᠵᠢᠭ ᠲᠣᠭᠤᠷᠢᠭ ᠤᠨ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠤᠬᠠᠮᠰᠠᠷ ᠠᠴᠠ ᠪᠠᠨ ᠪᠠᠲᠤᠯᠠᠵᠤ᠂ ᠥᠪᠡᠷ ᠤᠨ | ᠪᠡᠶ᠎ᠡ ᠠᠴᠠ ᠪᠠᠨ ᠡᠬᠢᠯᠡᠨ ᠳᠡᠷᠭᠡᠳᠡᠬᠢ ᠭᠠᠯ ᠤᠨᠲᠠᠷᠠᠭᠠᠬᠤ ᠳᠠᠯᠳᠠ ᠬᠡᠮ ᠢ ᠠᠷᠢᠯᠭᠠᠵᠤ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ | ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠲᠡᠳᠡᠨ ᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠳᠣᠲᠣᠷᠠᠬᠢ ᠭᠠᠯ ᠤᠨ ᠭᠠᠮᠰᠢᠭ ᠤᠨ ᠠᠳᠡᠯ ᠢ ᠰᠡᠷᠭᠡᠶᠢᠯᠡᠬᠦ | ᠪᠠ ᠪᠠᠭᠠᠰᠬᠠᠬᠤ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ |