ᠴᠠᠢ ᠾᠧ ᠪᠠᠯᠭᠠᠰᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/11/22
    ᠴᠠᠢ ᠡᡁᠧ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠴᠠᠢ ᠡᡁᠧ ᠪᠠᠯᠭᠠᠰᠤ ᠶᠢᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠢᠳᠡᠭᠡᠨ ᠤ ᠠᠮᠤᠷ ᠲᠦᠪᠰᠢᠨ ᠳᠤ ᠲᠤᠰᠬᠠᠢ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠨᠠᠶᠢᠳᠠᠪᠤᠷᠢᠵᠢᠭᠤᠯᠪᠠ᠃     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ᠂ ᠬᠠᠷᠢᠶᠠᠲᠤ ᠣᠷᠣᠨ ᠤ ᠳᠣᠲᠣᠷᠠᠬᠢ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ ᠪᠠ ᠵᠣᠴᠢᠳ ᠤᠨ ᠪᠠᠭᠤᠳᠠᠯ ᠢᠶᠠᠷ ᠭᠤᠤᠯᠳᠠᠯᠭ᠎ᠠ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠪᠠ ᠃ ᠨᠢᠭᠡ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠵᠡᠷᠭᠡ ᠶᠢ ᠪᠠᠶᠢᠴᠠᠭᠠᠵᠤ᠂  ᠬᠠᠤᠯᠢ ᠶᠤᠰᠤᠨ ᠤ ᠡᠵᠡᠩᠨᠡᠯᠲᠡ ᠶᠢ ᠪᠠᠲᠤᠯᠠᠨ᠎ᠠ᠃ ᠬᠤᠶᠠᠷ ᠲᠤ᠂ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ᠂ ᠬᠤᠳᠠᠯᠳᠤᠭᠰᠠᠨ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠡᠰᠡᠬᠦ᠂ ᠭᠡᠷᠡᠴᠢ ᠪᠠᠷᠢᠮᠲᠠ ᠠᠪᠬᠤ ᠨᠢ ᠵᠢᠷᠤᠮᠵᠢᠭᠤᠨ ᠡᠰᠡᠬᠦ ᠶᠢ ᠪᠠᠶᠢᠴᠠᠭᠠᠨ᠎ᠠ ᠃ ᠭᠤᠷᠪᠠ ᠳᠤ ᠢᠳᠡᠭᠡᠨ ᠤ ᠢᠯᠡᠳᠬᠡᠭᠴᠢ ᠳᠡᠮᠳᠡᠭ ᠤᠨ ᠱᠣᠰᠢᠭ᠎ᠠ᠂ ᠪᠠᠷᠠᠭ᠎ᠠ ᠣᠷᠣᠭᠤᠯᠬᠤ ᠠᠷᠭ᠎ᠠ ᠵᠠᠮ᠂ ᠬᠠᠳᠠᠭᠠᠯᠠᠬᠤ ᠨᠥᠬᠦᠴᠡᠯ ᠵᠡᠷᠭᠡ ᠨᠢ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠪᠠᠶᠢᠴᠠᠭᠠᠨ᠎ᠠ ᠃ ᠳᠥᠷᠪᠡ ᠳᠤ ︽ᠭᠤᠷᠪᠠ ᠥᠬᠡᠶ︾ ᠢᠳᠡᠭᠡᠨ ᠢ ᠪᠣᠷᠣᠯᠠᠭᠤᠯᠤᠭᠰᠠᠨ᠂ ᠬᠤᠭᠤᠴᠠᠭ᠎ᠠ ᠥᠩᠭᠡᠷᠡᠭᠰᠡᠨ ᠢᠳᠡᠭᠡᠨ ᠢ ᠪᠣᠷᠣᠯᠠᠭᠤᠯᠤᠭᠰᠠᠨ᠂ ᠱᠣᠰᠢᠭ᠎ᠠ ᠲᠡᠮᠳᠡᠭ ᠲᠣᠳᠣᠷᠬᠠᠶ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ᠎ᠠ᠃ ᠲᠠᠪᠤ ᠳᠤ ᠡᠵᠡᠩᠨᠡᠯᠲᠡ ᠶᠢᠨ ᠭᠠᠵᠠᠷ ᠤᠨ ᠳᠣᠲᠣᠷᠠᠬᠢ ᠡᠷᠡᠭᠦᠯ ᠬᠠᠮᠠᠭᠠᠯᠠᠯ ᠤᠨ ᠪᠠᠶᠢᠳᠠᠯ ᠨᠢ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ ᠶᠢ ᠪᠠᠶᠢᠴᠠᠭᠠᠨ᠎ᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ᠂ ᠠᠵᠢᠯᠲᠠᠨ ᠲᠡᠷᠡ ᠳᠠᠷᠤᠶ ᠳᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠬᠠᠷᠢᠭᠤᠴᠠᠯᠭᠠᠲᠠᠨ ᠢ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠬᠤ ᠬᠡᠷᠡᠭᠲᠡᠶ᠃     ᠳᠠᠷᠠᠭᠠᠴᠢ ᠶᠢᠨ ᠠᠯᠬᠤᠮ ᠳᠤ᠂ ᠴᠠᠢ ᠡᡁᠧ ᠪᠠᠯᠭᠠᠰᠤ ᠶᠢᠨ ᠵᠠᠰᠠᠭ ᠤᠨ ᠣᠷᠳᠣᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰ ᠤᠳᠠᠭ᠎ᠠ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠰᠠᠶᠢᠨ ᠰᠠᠶᠢᠬᠠᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠴᠢᠨᠠᠭᠰᠢᠳᠠ ᠪᠤᠢ ᠪᠣᠯᠭᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ