ᠵᠠᠯᠠᠨ ᠠᠶᠢᠯ  ᠬᠤᠲᠠ ᠤᠨ ᠰᠤᠷᠭᠠᠨ ᠬᠥᠮᠦᠵᠢᠯ ᠤᠨ  ᠲᠤᠪᠴᠢᠶ᠎ᠠ ᠰᠤᠷᠭᠠᠨ ᠬᠥᠮᠦᠵᠢᠯ ᠤᠨ  ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠵᠢᠴᠢ ᠠᠶᠤᠯᠭᠦᠢ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/23
    ︽ᠵᠠᠯᠠᠨ ᠠᠶᠢᠯ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠶᠤᠯ ᠥᠬᠡᠶ ᠦᠢᠯᠡᠳᠪᠦᠷᠢᠯᠡᠯ ᠤᠨ ᠲᠥᠪᠯᠡᠷᠡᠭᠦᠯᠦᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾  ᠬᠤᠯᠪᠣᠭᠳᠠᠯ  ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠡᠯ᠎ᠡ ᠭᠠᠵᠠᠷ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠡᠯ᠎ᠡ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠃ 11 ᠰᠠᠷ᠎ᠠ ᠶᠢᠨ 17 ᠤ ᠡᠳᠦᠷ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠵᠢᠴᠢ ᠠᠶᠤᠯᠭᠦᠶ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠦᠩ ᠬᠠᠶ ᠹᠤᠩ ᠬᠤᠷᠠᠯ ᠡᠷᠭᠢᠯᠡᠵᠦ᠂ ᠠᠶᠤᠯᠭᠦᠶ ᠶᠢᠨ ᠠᠯᠪᠠᠨ ᠬᠡᠷ ᠤᠨ ᠪᠥᠬᠦ ᠠᠵᠢᠯᠲᠠᠨ᠂ ᠡᠯ᠎ᠡ ᠦᠨᠳᠦᠰᠦᠨ ᠱᠠᠲᠤᠨ ᠤ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠬᠤᠪᠢᠳᠠᠨ ᠬᠠᠮᠢᠶᠠᠷᠴᠤ ᠪᠠᠶᠢᠭ᠎ᠠ ᠠᠶᠤᠯᠭᠦᠶ ᠶᠢᠨ ᠠᠵᠢᠯ ᠤᠨ ᠳᠡᠳ᠋ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠠᠶᠤᠯᠭᠦᠶ ᠶᠢᠨ ᠠᠯᠪᠠᠨ ᠬᠡᠷ ᠤᠨ ᠡᠷᠬᠢᠯᠡᠭᠴᠢ ᠣᠷᠣᠯᠴᠠᠵᠠᠶ᠃     ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠦᠩ ᠬᠠᠶ ᠹᠤᠩ ᠣᠶᠢᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠂ ᠨᠢᠭᠡ ᠳᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠲᠦᠭᠰᠢᠭᠦᠷᠢ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠥᠷᠨᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ  ᠵᠡᠪᠰᠡᠭ ᠢ ᠰᠠᠶᠢᠲᠤᠷ ᠬᠡᠷᠡᠭᠯᠡᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠭᠡᠷᠡᠴᠢ ᠥᠭᠴᠦ ᠦᠯᠡᠳᠡᠭᠡᠨ ᠬᠠᠳᠠᠭᠠᠯᠠᠬᠤ ᠶᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠵᠢᠯ ᠤᠨ ᠡᠴᠦᠰ ᠤᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠯᠭᠠᠨ ᠬᠢᠨᠠᠬᠤ  ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ᠂ ᠠᠵᠢᠯ ᠤᠨ ᠶᠠᠰᠤ ᠴᠢᠨᠠᠷ ᠢ ᠪᠠᠲᠤᠯᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠦᠨ ᠵᠣᠯᠭᠠᠭᠤᠯᠵᠤ᠂ ᠵᠢᠯ ᠤᠨ ᠡᠴᠦᠰ ᠤᠨ ᠡᠯ᠎ᠡ ᠱᠠᠲᠤᠨ ᠤ ᠰᠢᠯᠭᠠᠨ ᠬᠢᠨᠠᠬᠤ ᠡᠯ᠎ᠡ  ᠵᠦᠢᠯ ᠤᠨ  ᠭᠦᠢᠴᠡᠳᠭᠡᠯ ᠲᠤᠭ᠎ᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠡᠯ᠎ᠡ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠪᠠᠶᠢᠩᠭᠤ ᠶᠢᠨ ᠴᠢᠨᠠᠷᠲᠠᠶ ᠠᠮᠤᠷ ᠲᠦᠪᠰᠢᠨ ᠤ ᠠᠵᠢᠯ ᠢ ᠪᠠᠲᠤᠳᠬᠠᠨ᠂ ᠠᠮᠤᠷ ᠲᠦᠪᠰᠢᠨ ᠤ ᠲᠠᠩᠰᠠ ᠡᠪᠬᠡᠮᠡᠯ ᠢ ᠡᠮᠬᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ ᠤ ᠬᠢᠨᠠᠨ ᠵᠢᠯᠤᠭᠤᠳᠬᠤ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠳᠤ ᠣᠷᠣᠯᠴᠠᠭᠰᠠᠨ ᠪᠦᠬᠦ ᠬᠥᠮᠦᠰ ᠠᠮᠤᠷ ᠲᠦᠪᠰᠢᠨ ᠤ ᠠᠳᠡᠯ ᠤᠨ ᠬᠥᠮᠦᠵᠢᠯ ᠤᠨ ᠰᠡᠷᠡᠮᠵᠢ ᠶᠢᠨ ᠹᠢᠯᠢᠮ ᠢ ᠲᠥᠪᠯᠡᠷᠡᠭᠦᠯᠦᠨ ᠦᠵᠡᠪᠡ᠃ ᠰᠤᠷᠤᠯᠴᠠᠨ ᠦᠵᠡᠬᠦ ᠪᠠᠷ ᠳᠠᠮᠵᠢᠭᠤᠯᠤᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ ᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠤᠬᠠᠮᠰᠠᠷᠲᠤ ᠴᠢᠨᠠᠷ ᠢ ᠴᠢᠩᠭᠠᠳᠬᠠᠪᠠ᠃      ᠬᠠᠮᠤᠭ ᠤᠨ ᠰᠡᠭᠦᠯ ᠳᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠮᠤᠷ ᠲᠦᠪᠰᠢᠨ ᠤ ᠠᠯᠪᠠᠨ ᠬᠡᠷ ᠤᠨ ᠡᠷᠬᠢᠯᠡᠭᠴᠢ ᠯᠢᠨ ᠰᠢᠤᠢ ᠺᠠᠶ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠬᠠᠶᠢᠯᠠᠭᠰᠠᠨ 11 ᠰᠠᠷ᠎ᠠ ᠶᠢᠨ 10 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠠᠭᠠᠭᠤᠯᠤᠭᠰᠠᠨ ᠰᠤᠷᠭᠠᠭᠤᠯᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠤᠨ ᠥᠷᠨᠢᠭᠦᠯᠦᠭᠰᠡᠨ ᠰᠤᠷᠭᠠᠭᠤᠯᠢ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠰᠤᠷᠭᠠᠭᠤᠯᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠭᠤᠷᠪᠠᠨ ᠨᠠᠷᠢᠨ ᠲᠠᠩᠰᠠ ᠶᠢ ᠬᠡᠷᠬᠢᠨ ᠲᠠᠭᠯᠠᠨ ᠮᠡᠳᠡᠭᠦᠯᠬᠦ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠡᠯ᠎ᠡ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠪᠡᠯᠡᠳᠬᠡᠯ ᠲᠥᠰᠦᠯ ᠬᠢᠭᠡᠳ ᠥᠷᠨᠢᠭᠦᠯᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃     ᠰᠤᠷᠭᠠᠨ ᠬᠥᠮᠦᠵᠢᠯ ᠤᠨ ᠲᠣᠪᠴᠢᠶ᠎ᠠ ᠲᠤᠰ ᠤᠳᠠᠭ᠎ᠠ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠪᠣᠯᠪᠠᠰᠤᠷᠠᠯ᠂ ᠭᠡᠮ ᠰᠣᠭᠤᠭ ᠢ ᠪᠠᠶᠢᠴᠠᠭᠠᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ