11 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ︽ᠤᠮᠠᠷᠠᠲᠤ ᠬᠢᠯᠢ ᠶᠢᠨ | ᠰᠣᠶᠣᠯ ᠢ ᠪᠠᠳᠠᠷᠠᠭᠤᠯᠵᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠨ᠎ᠡ — ᠪᠥᠬᠦ ᠣᠷᠣᠨ ᠤ ᠤᠯᠠᠭᠠᠨᠮᠥ᠋ᠴᠢᠷ ᠤᠨ ︿ᠰᠤᠷᠤᠯᠴᠠᠬᠤ · | ᠡᠭᠦᠳᠬᠦ · ᠲᠣᠭᠯᠠᠬᠤ﹀ ᠰᠢᠨ᠎ᠡ ᠡᠭᠦᠳᠦᠯᠲᠡ ᠶᠢᠨ ᠪᠦᠲᠦᠭᠡᠯ ᠤᠨ ᠦᠵᠡᠭᠦᠯᠦᠯᠭᠡ ᠲᠣᠭᠯᠠᠯᠲᠠ︾ ᠭᠡᠬᠦ ᠭᠤᠤᠯ ᠰᠡᠳᠦᠪᠲᠦ ᠠᠵᠢᠯᠯᠠᠭ᠎ᠠ ᠤᠷᠤᠭᠰᠢᠲᠠᠶ ᠶᠠᠪᠤᠭᠳᠠᠪᠠ᠃ | ᠡᠯ᠎ᠡ ᠭᠠᠵᠠᠷ ᠤᠨ ᠤᠯᠠᠭᠠᠨᠮᠥ᠋ᠴᠢᠷ ᠤᠨ ᠬᠢᠨ ᠢᠳᠡᠪᠬᠢᠲᠡᠢ ᠪᠠᠷ ᠴᠤᠤᠷᠢᠶᠠᠲᠤᠨ ᠲᠠᠭᠠᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠭᠤᠶᠢᠳᠠ ᠰᠠᠶᠢᠬᠠᠨ ᠤᠷ᠎ᠠ | ᠮᠡᠷᠭᠡᠵᠢᠯ ᠢᠶᠠᠷ ᠢᠶᠠᠨ ᠥᠷᠭᠡᠨ ᠤᠯᠠᠨ ᠮᠠᠯᠴᠢᠨ ᠲᠠᠷᠢᠶᠠᠴᠢᠨ ᠳᠤ ᠤᠷᠠᠨ ᠰᠠᠶᠢᠬᠠᠨ ᠤ ᠲᠣᠭᠯᠠᠯᠲᠠ ᠪᠠ ᠤᠶᠤᠨ ᠤ ᠲᠡᠵᠢᠭᠡᠯ ᠢ ᠬᠦᠷᠭᠡᠪᠡ᠃ | ᠲᠠᠰᠢᠯᠳᠠ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠨ᠎ᠠ᠃ ᠬᠥᠭᠵᠢᠮ ᠬᠦᠭᠵᠢᠮᠳᠡᠬᠦ᠂ ᠳᠠᠭᠤᠤ ᠶᠢᠨ ᠲᠣᠭᠯᠠᠯᠲᠠ ᠪᠠ ᠪᠥᠵᠢᠭ ᠤᠨ ᠲᠣᠭᠯᠠᠯᠲᠠ ᠨᠢᠭᠡᠪᠦᠷᠢ ᠨᠢ | ᠴᠥᠮ ᠤᠯᠠᠭᠠᠨᠮᠥ᠋ᠴᠢᠷ ᠤᠨ ᠭᠡᠰᠢᠭᠦᠳ ᠤᠨ ᠭᠤᠶᠢᠳᠠ ᠰᠠᠶᠢᠬᠠᠨ ᠤᠷ᠎ᠠ ᠮᠡᠷᠭᠡᠵᠢᠯ ᠪᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ | ᠪᠠᠶᠢᠨ᠎ᠠ᠃ ᠲᠡᠳᠡ ᠤᠮᠠᠷᠠᠲᠤ ᠬᠢᠯᠢ ᠶᠢᠨ ᠵᠠᠩ ᠦᠢᠯᠡ᠂ ᠲᠡᠦᠬᠡ᠂ ᠰᠣᠶᠣᠯ ᠢ ᠨᠣᠲ ᠨᠢᠭᠡᠪᠦᠷᠢ᠂ ᠪᠥᠵᠢᠭ ᠤᠨ ᠠᠯᠬᠤᠭ᠎ᠠ ᠨᠢᠭᠡᠪᠦᠷᠢ᠂ ᠲᠣᠭᠯᠠᠯᠲᠠ ᠨᠢᠭᠡᠪᠦᠷᠢ ᠳᠤ | ᠠᠭᠤᠰᠬᠠᠵᠤ᠂ ᠦᠵᠡᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ | ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠨᠢ ᠤᠯᠠᠭᠠᠨᠮᠥ᠋ᠴᠢᠷ ᠤᠨ ᠰᠢᠨ᠎ᠡ ᠡᠭᠦᠳᠦᠯᠲᠡ ᠶᠢᠨ ᠪᠦᠲᠦᠭᠡᠯ ᠤᠨ ᠵᠠᠩᠭᠢᠯᠠᠭ᠎ᠠ ᠶᠢᠨ ᠦᠵᠡᠭᠦᠯᠦᠯᠭᠡ | ᠪᠣᠯᠤᠭᠰᠠᠨ ᠤ ᠬᠤᠪᠢ ᠳᠤ᠂ ᠤᠯᠠᠭᠠᠨᠮᠥ᠋ᠴᠢᠷ ᠤᠨ ᠭᠡᠰᠢᠭᠦᠳ ᠤᠨ ᠤᠷᠠᠨ ᠨᠠᠷᠢᠯᠢᠭ ᠤᠷ᠎ᠠ ᠮᠡᠷᠭᠡᠵᠢᠯ ᠪᠠ ᠴᠢᠩᠭ᠎ᠠ ᠨᠢᠮᠪᠠᠶ ᠬᠡᠪ ᠰᠤᠷᠲᠠᠯ ᠢ ᠭᠦᠢᠴᠡᠳ | ᠬᠠᠷᠠᠭᠤᠯᠤᠭᠰᠠᠨ ᠪᠠᠶᠢᠨ᠎ᠠ᠃ ᠲᠡᠳᠡ ᠭᠦᠨᠵᠡᠭᠡᠶ ᠰᠤᠷᠤᠯᠴᠠᠬᠤ᠂ ᠰᠢᠨ᠎ᠡ ᠶᠢ ᠡᠭᠦᠳᠦᠨ ᠪᠦᠲᠦᠭᠡᠬᠦ᠂ ᠭᠤᠶᠢᠳᠠ ᠰᠠᠶᠢᠬᠠᠨ ᠲᠣᠭᠯᠠᠯᠲᠠ ᠭᠠᠷᠭᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠮ ᠤᠨ ᠭᠤᠣᠯᠯᠠᠬᠤ ᠲᠦᠷᠦ ᠶᠢᠨ ᠪᠤᠳᠤᠯᠭ᠎ᠠ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠵᠢᠴᠢ ᠰᠢᠯᠢᠳᠡᠭ ᠤᠯᠠᠮᠵᠢᠯᠠᠯᠲᠤ ᠰᠣᠶᠣᠯ | ᠵᠡᠷᠭᠡ ᠠᠭᠤᠯᠭ᠎ᠠ ᠶᠢ ᠤᠳᠬ᠎ᠠ ᠤᠷᠠᠯᠢᠭ ᠤᠨ ᠪᠦᠲᠦᠭᠡᠯ ᠳᠤ ᠤᠷᠠᠨ ᠢᠶᠠᠷ ᠠᠭᠤᠰᠬᠠᠵᠤ᠂ ᠤᠷᠠᠯᠢᠭ ᠤᠨ ᠬᠡᠯᠪᠡᠷᠢ ᠪᠠᠷ ᠥᠷᠭᠡᠨ ᠤᠯᠠᠨ ᠲᠦᠮᠡᠨ ᠳᠤ ᠢᠳᠡᠪᠬᠢᠲᠡᠶ ᠪᠠᠷ | ᠥᠭᠡᠳᠡᠯᠡᠨ ᠳᠠᠪᠰᠢᠬᠤ ᠢᠳᠡᠪᠬᠢ ᠬᠦᠴᠦᠨ ᠢ ᠳᠠᠮᠵᠢᠭᠤᠯᠤᠭᠰᠠᠨ ᠪᠠᠶᠢᠨ᠎ᠠ᠃ | ᠡᠭᠦᠨ ᠤ ᠬᠠᠮᠲᠤ᠂ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠬᠠᠮᠤᠭ ᠤᠨ ᠣᠯᠠᠨ ᠲᠦᠮᠡᠨ ᠤ ᠰᠡᠳᠬᠢᠯ ᠢ | ᠲᠠᠲᠠᠭᠰᠠᠨ ᠦᠭᠡ ᠬᠡᠯᠡ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠤᠬᠠᠭᠤᠯᠤᠨ ᠲᠠᠶᠢᠯᠪᠤᠷᠢᠯᠠᠵᠤ᠂ ᠦᠵᠡᠭᠴᠢᠳ ᠭᠤᠶᠢᠳᠠ ᠰᠠᠶᠢᠬᠠᠨ ᠤᠷᠠᠯᠢᠭ ᠤᠨ | ᠲᠣᠭᠯᠠᠯᠲᠠ ᠶᠢ ᠰᠣᠨᠢᠷᠬᠠᠵᠤ ᠴᠢᠳᠠᠭᠰᠠᠨ ᠢᠶᠠᠷ ᠪᠠᠷᠠᠬᠤ ᠥᠬᠡᠶ᠂ ᠪᠠᠰᠠ ᠤᠯᠠᠭᠠᠨᠮᠥ᠋ᠴᠢᠷ ᠤᠨ ᠭᠡᠰᠢᠭᠦᠳ ᠲᠠᠢ ᠨᠠᠮ ᠤᠨ ᠲᠡᠤᠬᠡ ᠶᠢᠨ ᠰᠣᠯᠢᠯᠴᠠᠭ᠎ᠠ ᠬᠢᠵᠦ᠂ ︽ | ᠤᠯᠠᠭᠠᠨ ᠨᠢᠯᠬ᠎ᠠ ᠰᠣᠶᠤᠭ᠎ᠠ︾ ᠭᠡᠬᠦ ᠡᠨᠡ ᠬᠦ ᠳᠦᠷᠢ ᠲᠥᠷᠬᠦ ᠶᠢ ᠦᠵᠡᠭᠴᠢᠳ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠵᠤ ᠴᠢᠳᠠᠭᠰᠠᠨ ᠪᠠᠶᠢᠨ᠎ᠠ᠃ | ᠢᠷᠡᠭᠡᠳᠦᠢ ᠶᠢᠨ ᠡᠳᠦᠷ ᠤᠳ ᠲᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠬᠢᠨ ᠥᠪᠡᠷ ᠪᠡᠶ᠎ᠡ ᠶᠢᠨ ᠬᠡᠪ ᠴᠢᠨᠠᠷ ᠢᠶᠠᠨ ᠳᠠᠰᠤᠷᠠᠯᠳᠠ ᠦᠬᠡᠢ | ᠳᠡᠭᠡᠭᠰᠢᠯᠡᠭᠦᠯᠵᠦ᠂ ᠲᠣᠭᠯᠠᠯᠲᠠ ᠶᠢᠨ ᠬᠡᠯᠪᠡᠷᠢ ᠪᠣᠯᠤᠨ ᠠᠭᠤᠯᠭ᠎ᠠ ᠪᠠᠨ ᠳᠠᠰᠤᠷᠠᠯᠳᠠ ᠦᠬᠡᠢ ᠰᠢᠨᠡᠳᠬᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ | ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠢᠶᠠᠨ ᠥᠷᠭᠡᠨ ᠤᠯᠠᠨ ᠮᠠᠯᠴᠢᠨ ᠲᠠᠷᠢᠶᠠᠴᠢᠨ ᠳᠤ ᠨᠡᠩ ᠰᠢᠯᠢᠳᠡᠭ ᠰᠣᠶᠣᠯ ᠤᠨ ᠦᠢᠯᠡᠴᠢᠯᠡᠭᠡ ᠬᠠᠩᠭᠠᠵᠤ᠂ | ᠤᠮᠠᠷᠠᠲᠤ ᠶᠢᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠨᠡᠩ ᠶᠡᠭᠡ | ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |