︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠶᠠᠪᠤᠬᠤ ᠲᠤᠳᠤᠮ ᠣᠶᠢᠷᠠᠳᠴᠤ᠂ | ᠨᠡᠩ ᠤᠯᠠᠨ ᠬᠥᠮᠦᠨ ᠳᠤ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠢ | ᠤᠢᠢᠯᠠᠭᠠᠭᠤᠯᠬᠤ ᠶᠢᠨ ᠲᠥᠯᠥᠭᠡ᠂ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠤ | ᠬᠤᠪᠢᠶᠠᠷᠢ ᠤᠷᠤᠯᠳᠤᠭᠠᠨ ᠤ ᠲᠣᠭᠤᠷᠢᠭ ᠪᠣᠯᠤᠭᠰᠠᠨ ᠵᠠᠯᠠᠨ ᠠᠶᠢᠯ ᠬᠤᠳᠠ ᠶᠢᠨ ᠬᠢᠨ ᠤᠯᠠᠨ ᠬᠡᠯᠪᠡᠷᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠲᠠᠮᠢᠷ ᠤᠨ | ᠬᠥᠳᠡᠯᠭᠡᠭᠡᠨ ᠢᠶᠠᠷ ᠳᠠᠮᠵᠢᠭᠤᠯᠵᠤ᠂ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠮᠡᠳᠡᠯᠭᠡ ᠶᠢ | ᠲᠦᠭᠡᠮᠡᠯᠵᠢᠭᠦᠯᠵᠦ᠂ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ | ᠠᠬᠢᠭᠤᠯᠵᠤ᠂ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠳᠤ ᠬᠦᠴᠦᠨ ᠨᠡᠮᠡᠷᠢᠯᠡᠪᠡ᠃ | | ᠵᠠᠯᠠᠨ ᠠᠶᠢᠯ ᠬᠤᠳᠠ ᠶᠢᠨ ᠮᠥᠭᠦᠴᠢ ᠪᠠᠯᠭᠠᠰᠤᠨ ᠳᠤ᠂ ᠤᠯᠠᠭᠠᠨ ᠪᠥᠴᠡᠲᠡᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠬᠢᠨ 300 ᠭᠠᠷᠤᠢ | ᠰᠤᠷᠤᠭᠴᠢᠳ ᠢ ᠵᠣᠬᠢᠶᠠᠨ ᠪᠠᠶᠢᠭᠤᠯᠤᠨ ᠴᠡᠷᠢᠭ ᠤᠨ ᠲᠠᠮᠢᠷ ᠤᠨ ᠨᠢᠳᠤᠷᠭ᠎ᠠ ᠶᠢᠨ ᠲᠣᠭᠯᠠᠯᠲᠠ ᠭᠠᠷᠭᠠᠵᠠᠢ᠃ ᠰᠤᠷᠤᠭᠴᠢᠳ ᠤᠨ ᠬᠥᠳᠡᠯᠵᠦ ᠪᠠᠷᠢᠬᠤ ᠨᠢ ᠠᠭᠤᠵᠢᠭᠤ | ᠲᠠᠯᠪᠢᠭᠤ᠂ ᠨᠢᠳᠤᠷᠭ᠎ᠠ ᠶᠢᠨ ᠠᠯᠬᠤᠭ᠎ᠠ ᠨᠢ ᠯᠠᠪᠳᠠᠭᠤᠨ ᠲᠣᠭᠲᠠᠭᠤᠨ᠂ ᠬᠦᠲᠡᠯᠡᠯ ᠨᠢ ᠵᠢᠭᠳᠡ ᠪᠠᠶᠢᠯ᠎ᠠ᠃ ᠤᠳᠠᠭ᠎ᠠ ᠪᠦᠷᠢ ᠶᠢᠨ ᠨᠢᠳᠤᠷᠭ᠎ᠠ ᠶᠢᠨ ᠬᠦᠴᠦ ᠶᠢ | ᠵᠠᠪᠠᠯ ᠣᠯᠵᠤ᠂ ᠤᠳᠠᠭ᠎ᠠ ᠪᠦᠷᠢ ᠶᠢᠨ ᠢᠰᠬᠦᠯᠬᠦ ᠬᠦᠴᠦ ᠶᠢ ᠬᠤᠯᠤᠰᠤ ᠬᠠᠭᠠᠯᠬᠤ ᠮᠡᠲᠦ᠂ ᠤᠳᠠᠭ᠎ᠠ ᠪᠦᠷᠢ ᠶᠢᠨ ᠬᠠᠰᠬᠢᠷᠤᠯᠲᠠ ᠨᠢ ᠪᠦᠷ ᠣᠭᠲᠠᠷᠭᠤᠢ ᠳᠤ | ᠳᠡᠭᠦᠯᠢᠵᠦ᠂ ᠨᠢᠭᠡ ᠵᠦᠢᠯ ᠤᠨ ᠠᠷᠭ᠎ᠠ ᠬᠡᠯᠪᠡᠷᠢ ᠪᠠᠷ ᠴᠤᠭ ᠪᠠᠳᠠᠷᠠᠩᠭᠤᠢ ᠴᠤᠭ ᠵᠢᠪᠬᠤᠭ᠎ᠠ ᠪᠠ ᠲᠡᠮᠡᠴᠡᠯ ᠤᠨ ᠵᠣᠷᠢᠭ ᠢ ᠭᠦᠢᠴᠡᠳ ᠢᠯᠡᠷᠡᠭᠦᠯᠦᠨ᠎ᠡ᠃ ᠡᠷᠲᠡᠨ ᠤ | ᠦᠶ᠎ᠡ ᠶᠢᠨ ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠᠶᠢᠨ ᠴᠡᠷᠢᠭ ᠤᠨ ᠲᠠᠮᠢᠷ ᠤᠨ ᠨᠢᠳᠤᠷᠭᠠᠨ | ᠡᠷᠳᠡᠮ ᠪᠠ ᠦᠱᠦ ᠶᠢᠨ ᠲᠠᠮᠢᠷ ᠤᠨ ᠲᠣᠭᠯᠠᠯᠲᠠ ᠨᠢ ᠰᠤᠷᠤᠭᠴᠢᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠬᠠᠮᠲᠤ ᠪᠠᠰᠠ ᠡᠨᠡ | ᠬᠦ ᠬᠡᠯᠪᠡᠷᠢ ᠪᠠᠷ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠲᠤᠬᠠᠶ ᠬᠦᠰᠡᠯ | ᠡᠷᠡᠮᠡᠯᠵᠡᠯ ᠢᠶᠠᠨ ᠢᠯᠡᠳᠬᠡᠭᠰᠡᠨ ᠪᠠᠶᠢᠨ᠎ᠠ᠃ | ᠵᠠᠯᠠᠨ ᠠᠶᠢᠯ ᠬᠤᠲᠠ ᠶᠢᠨ ᠮᠥᠭᠦᠴᠢ ᠪᠠᠯᠭᠠᠰᠤᠨ ᠤ ᠤᠯᠠᠭᠠᠨ ᠪᠥᠴᠡᠲᠡᠨ ᠤ ᠪᠠᠭᠠᠴᠤᠳ ᠤᠨ ᠴᠡᠷᠢᠭ ᠤᠨ ᠰᠤᠷᠭᠠᠭᠤᠯᠢ ᠪᠠᠰᠠ ︽︿ᠠᠷᠪᠠᠨ ᠳᠤᠷᠪᠡᠳᠤᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ﹀ ᠢ ᠪᠠᠶᠠᠷᠯᠠᠨ ᠤᠭᠲᠤᠵᠤ ᠮᠥᠰᠥ ᠴᠠᠰᠤᠨ ᠤ ᠷᠢᠳᠢ ᠰᠢᠳᠢ ᠶᠢ ᠣᠶᠢᠯᠠᠭᠠᠶ᠎ᠠ | ︾ ᠭᠡᠬᠦ ᠭᠤᠤᠯ ᠰᠡᠳᠦᠪᠲᠦ ᠬᠠᠭᠤᠯᠤᠮᠠᠯ ᠰᠣᠨᠢᠨ ᠵᠡᠷᠭᠡ ᠠᠵᠢᠯᠯᠠᠭ᠎ᠠ ᠶᠢ ᠥᠷᠨᠢᠭᠦᠯᠵᠡᠶ᠃ ᠰᠤᠷᠤᠭᠴᠢ ᠵᠢᠩ ᠽᠢ ᠰᠢᠤᠸᠠᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠳᠤ ᠮᠠᠰᠢ ᠪᠠᠭ᠋ᠠᠲᠠᠢ ᠪᠠᠶᠢᠵᠤ᠂ ᠡᠨᠡ ᠤᠳᠠᠭ᠎ᠠ ᠲᠡᠷᠡ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ︾ ᠤ ᠥᠯᠵᠡᠶᠢᠲᠦ ᠠᠮᠢᠳᠠᠨ ᠤ ᠬᠠᠭᠤᠯᠤᠮᠠᠯ ᠰᠣᠨᠢᠨ ᠵᠢᠷᠤᠵᠤ᠂ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠲᠤᠬᠠᠢ ᠬᠦᠰᠡᠯ ᠡᠷᠡᠮᠡᠯᠵᠡᠯ ᠪᠣᠯᠤᠨ ᠵᠥᠩᠨᠡᠯ ᠢᠶᠠᠨ ᠢᠯᠡᠳᠬᠡᠵᠡᠢ᠃ | ᠤᠷᠢᠳᠤ ᠶᠢᠨ ᠰᠠᠯᠬᠢ ᠲᠦᠮᠡᠨ ᠭᠠᠵᠠᠷ ᠤᠨ ᠠᠯᠤᠰ ᠢ ᠵᠣᠷᠢᠨ᠂ ᠰᠤᠷᠭᠠᠭᠤᠯᠢ ᠶᠢᠨ ᠬᠦᠷᠢᠶᠡᠨ ᠤ ᠪᠠᠭ᠎ᠠ ᠬᠥᠳᠡᠯᠭᠡᠭᠡᠨ᠂ ᠪᠡᠶ᠎ᠡ ᠶᠢᠨ ᠲᠠᠮᠢᠷ ᠤᠨ ᠶᠡᠭᠡ ᠬᠦᠰᠡᠯ | ᠵᠡᠭᠦᠳᠦ ᠶᠢ ᠲᠡᠷᠭᠡᠯᠰᠢᠭᠦᠯᠵᠦ᠂ ᠰᠠᠶᠢᠨ ᠡᠷᠬᠢᠯᠡᠭᠴᠢ ᠤᠯᠤᠰ ᠪᠣᠯᠵᠣ᠂ ︽ᠠᠷᠪᠠᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ︾ ᠢ ᠰᠠᠶᠢᠲᠤᠷ ᠡᠷᠭᠢᠯᠡᠨ᠎ᠡ᠃ ᠵᠠᠯᠠᠨ ᠠᠶᠢᠯ ᠬᠤᠳᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ︽ᠠᠷᠪᠠᠨ ᠳᠤᠷᠪᠡᠳᠤᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ︾ ᠤ ᠮᠥᠰᠥ ᠴᠠᠰᠤᠨ ᠤ ᠲᠠᠮᠢᠷ ᠤᠨ ᠦᠪᠡᠳᠡᠭᠰᠢ ᠴᠤᠭᠯᠠᠭᠠᠨ ᠢᠶᠠᠷ ᠠᠵᠠ | ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠦᠨᠳᠦᠰᠦᠨ ᠮᠡᠳᠡᠯᠭᠡ ᠪᠣᠯᠤᠨ ᠤᠷ᠎ᠠ ᠴᠢᠳᠠᠪᠤᠷᠢ ᠶᠢ ᠶᠡᠬᠡᠪᠡᠷ ᠲᠦᠭᠡᠮᠡᠯᠵᠢᠭᠦᠯᠵᠦ᠂ ᠵᠣᠷᠢᠭ ᠴᠢᠩᠭ᠎ᠠ᠂ ᠪᠡᠶ᠎ᠡ ᠮᠠᠬᠠᠪᠣᠳ ᠡᠷᠡᠭᠦᠯ ᠴᠢᠭᠢᠷᠠᠭ ᠵᠠᠯᠠᠭᠤ | ᠪᠠᠭᠠᠴᠤᠳ ᠤᠨ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠦᠨ᠎ᠡ᠃ |