ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠪᠣᠯ ᠬᠥᠭᠵᠢᠯᠲᠡ ᠶᠢᠨ ᠵᠠᠶᠢᠯᠠᠰᠢ ᠦᠭᠡᠢ ᠰᠣᠩᠭᠤᠯᠲᠠ ᠮᠥᠨ
ᠨᠡᠶᠢᠲᠡᠯᠡᠭᠰᠡᠨ ᠴᠠᠭ᠄
2023/11/24
    ᠲᠦᠷᠦᠭᠦᠬᠡᠨ ᠬᠤᠷᠠᠯᠳᠤᠭᠰᠠᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠥᠩᠭᠦᠨ ᠭᠦᠢᠯᠭᠡᠭᠡᠨ ᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ︽ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠬᠡᠷᠡᠭᠲᠡᠢ︾ ᠭᠡᠵᠦ ᠳᠤᠷᠠᠳᠴᠤ᠂ ᠮᠥᠩᠭᠦᠨ ᠭᠦᠢᠯᠭᠡᠭᠡᠨ ᠤ ᠠᠵᠢᠯ ᠢ ᠨᠡᠩ ᠥᠨᠳᠥᠷ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠬᠦᠷᠭᠡᠪᠡ᠃ ᠡᠨᠡ ᠪᠣᠯ ᠮᠠᠨ ᠤ ᠤᠯᠤᠰ ᠤᠨ ᠣᠳᠣᠬᠠᠨ ᠤ ᠬᠥᠭᠵᠢᠯᠲᠡ ᠶᠢᠨ ᠱᠠᠲᠤᠨ ᠳᠤ ᠭᠠᠷᠭᠠᠭᠰᠠᠨ ᠨᠠᠷᠢᠯᠢᠭ ᠣᠨᠣᠴᠠᠲᠠᠢ ᠪᠠᠶᠢᠷᠢ ᠲᠣᠭᠲᠠᠭᠠᠯᠲᠠ ᠮᠥᠨ᠂ ︽ᠬᠤᠶᠠᠷ ᠶᠡᠭᠡ ᠲᠠᠯ᠎ᠠ ︾ ᠲᠤ ᠰᠠᠭᠤᠷᠢᠯᠠᠨ ᠭᠠᠷᠭᠠᠭᠰᠠᠨ ᠵᠠᠶᠢᠯᠠᠰᠢ ᠦᠭᠡᠢ ᠰᠣᠩᠭᠤᠯᠲᠠ ᠮᠥᠨ᠃    ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠢ ᠭᠦᠨᠵᠡᠭᠡᠢ ᠡᠵᠡᠮᠳᠡᠬᠦ ᠬᠡᠷᠡᠭᠲᠡᠢ ᠃ ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠢ ᠶᠢᠨ ᠭᠤᠣᠯᠳᠠᠯᠭ᠎ᠠ ᠮᠥᠨ᠂ ᠳᠡᠯᠡᠬᠡᠢ ᠶᠢᠨ ᠲᠡᠦᠬᠡ ᠶᠢ ᠠᠵᠢᠭᠯᠠᠪᠠᠯ᠂ ᠲᠣᠮᠣ ᠤᠯᠤᠰ ᠤᠨ ᠬᠥᠭᠵᠢᠯ ᠮᠠᠨᠳᠤᠯ ᠨᠢ ᠮᠥᠩᠭᠦᠨ ᠭᠦᠢᠯᠭᠡᠭᠡᠨ ᠤ ᠴᠢᠩᠭ᠎ᠠ ᠬᠦᠴᠦᠲᠡᠢ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠯᠠᠪᠳᠠᠭᠤᠨ ᠢᠶᠠᠷ ᠤᠷᠤᠭᠰᠢᠯᠠᠵᠤ᠂ ᠮᠥᠩᠭᠦᠨ ᠭᠦᠢᠯᠭᠡᠭᠡᠨ ᠤ ᠲᠣᠮᠣ ᠤᠯᠤᠰ ᠠᠴᠠ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠰᠠᠶᠢᠨ ᠰᠠᠶᠢᠬᠠᠨ ᠰᠠᠭᠤᠷᠢ ᠲᠠᠢ ᠪᠣᠯᠵᠠᠢ᠃    ᠡᠭᠦᠨ ᠤ ᠬᠠᠮᠲᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠮᠥᠨ ᠯᠡ ︽ᠲᠣᠮᠣ ᠪᠤᠯᠪᠠᠴᠤ ᠬᠦᠴᠦᠷᠬᠡᠭ ᠪᠤᠰᠤ︾ ᠱᠠᠲᠤᠨ ᠳᠤ ᠣᠷᠣᠰᠢᠵᠤ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠤᠯᠠᠨ ᠲᠡᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠰᠢᠰᠲ᠋ᠧᠮ ᠬᠠᠷᠠᠬᠠᠨ ᠬᠥᠭᠵᠢᠭᠡᠳᠦᠢ᠂ ᠮᠥᠩᠭᠦᠨ ᠭᠦᠢᠯᠭᠡᠭᠡᠨ ᠤ ᠦᠢᠯᠡᠳᠬᠦᠨ ᠬᠠᠷᠠᠬᠠᠨ ᠪᠠᠶᠠᠯᠢᠭᠵᠢᠭᠠᠳᠤᠢ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠥᠷᠭᠡᠴᠡ ᠭᠦᠨᠴᠡ ᠶᠢ ᠴᠢᠨᠠᠭᠰᠢᠳᠠ ᠥᠷᠭᠡᠳᠬᠡᠬᠦ ᠴᠢᠬᠤᠯᠠᠲᠠᠢ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠪᠠᠰᠠ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ ; ᠳᠡᠯᠡᠬᠡᠢ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠮᠥᠨ ᠯᠡ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠪᠤᠯᠬᠤ ᠱᠠᠭᠠᠷᠳᠠᠯᠭ᠎ᠠ ᠶᠢ ᠳᠠᠭᠠᠵᠤ ᠠᠮᠵᠢᠬᠤ ᠦᠭᠡᠢ ᠪᠠᠶᠢᠵᠤ᠂ ᠤᠯᠠᠮ ᠨᠢᠭᠡ ᠠᠯᠬᠤᠮ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃    ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ᠂ ᠮᠥᠩᠭᠦᠨ ᠭᠦᠢᠯᠭᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠣᠳᠣᠬᠠᠨ ᠳᠤ᠂ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠵᠢᠴᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ ᠨᠢ ᠴᠥᠮ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠬᠦᠴᠦᠲᠡᠢ ᠲᠤᠯᠭᠠᠭᠤᠷᠢᠯᠠᠯ ᠪᠤᠯᠭᠠᠬᠤ ᠶᠢ ᠱᠠᠭᠠᠷᠳᠠᠵᠤ ᠪᠠᠶᠢᠨ᠎ᠠ᠃ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠳᠤᠷᠠᠳᠤᠭᠰᠠᠨ ︽ᠭᠤᠷᠪᠠᠨ ᠲᠠᠯ᠎ᠠ ᠪᠠᠷ ᠬᠦᠴᠦᠯᠡᠬᠦ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠭᠤᠰ ᠤᠨ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠵᠠᠬ᠎ᠠ ᠳᠡᠯᠭᠡᠭᠦᠷ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠦᠢᠯᠡᠰ ᠪᠣᠰᠬᠠᠬᠤ ᠶᠢᠨ ᠦᠨᠳᠦᠰᠦ ᠪᠤᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠰᠠᠶᠢᠲᠤᠷ ᠬᠢᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠠᠮᠤᠷ ᠲᠦᠪᠰᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠪᠠᠲᠤᠳᠬᠠᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃    ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠠᠮᠤᠷ ᠲᠦᠪᠰᠢᠨ ᠢ ᠨᠡᠩ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠢ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠮᠥᠨ ᠯᠡ ᠨᠡᠯᠢᠶᠡᠳ ᠤᠯᠠᠨ ᠪᠠᠶᠢᠵᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠡᠷ ᠭᠠᠵᠠᠷ ᠤᠨ ᠬᠥᠷᠥᠩᠭᠡ᠂ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠵᠡᠷᠭᠡ ᠤᠯᠤᠰ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠬᠦ ᠬᠡᠷᠡᠭᠲᠡᠢ ᠮᠥᠷᠲᠡᠭᠡᠨ ᠪᠠᠰᠠ ᠣᠳᠣᠬᠠᠨ ᠤ ᠭᠠᠳᠠᠭᠠᠳᠤ ᠣᠷᠴᠢᠨ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠪᠠᠶᠢᠳᠠᠯ ᠤᠨ ᠬᠤᠪᠢᠷᠠᠯᠲᠠ ᠶᠢ ᠠᠩᠬᠠᠷᠴᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠮᠠᠨ ᠤ ᠤᠯᠤᠰ ᠤᠨ ᠠᠵᠤ ᠠᠬᠤᠢ ᠳᠤ ᠦᠵᠡᠭᠦᠯᠭᠦ ᠳᠠᠭᠠᠷᠢᠯᠲᠠ ᠶᠢ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠤᠢ ᠪᠦᠬᠦᠢ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠪᠦᠭᠦᠳᠡ ᠶᠢ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠬᠢᠨᠠᠯᠲᠠ ᠬᠠᠮᠢᠶᠠᠷᠤᠯᠲᠠ ᠦᠭᠡᠢ ᠪᠠ ᠪᠠᠯᠠᠢ ᠣᠷᠣᠨ ᠢ ᠠᠷᠢᠯᠭᠠᠵᠤ᠂ ᠰᠢᠨᠵᠢᠯᠡᠬᠦ ᠤᠬᠠᠭᠠᠨᠴᠢ᠂ ᠪᠦᠲᠦᠮᠵᠢᠲᠡᠢ᠂ ᠬᠦᠴᠦᠲᠡᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠᠷ ᠮᠥᠩᠭᠦᠨ ᠭᠦᠢᠯᠭᠡᠭᠡᠨ ᠤ ᠬᠥᠭᠵᠢᠯᠲᠡ ᠶᠢᠨ ᠠᠶᠤᠯᠭᠦᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃    ᠮᠥᠩᠭᠦᠨ ᠭᠦᠢᠯᠭᠡᠭᠡ ᠠᠮᠢᠳᠤᠯᠢᠭ ᠪᠣᠯᠪᠠᠯ ᠠᠵᠤ ᠠᠬᠤᠢ ᠠᠮᠢᠳᠤᠯᠢᠭ ᠪᠤᠯᠳᠠᠭ ; ᠮᠥᠩᠭᠦᠨ ᠭᠦᠢᠯᠭᠡᠭᠡ ᠲᠣᠭᠲᠠᠭᠤᠨ ᠪᠣᠯ ᠠᠵᠤ ᠠᠬᠤᠢ ᠲᠣᠭᠲᠠᠭᠤᠨ ᠶᠤᠮ ᠃ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠷᠠᠯᠲᠠ ᠪᠠᠨ ᠲᠣᠭᠲᠠᠭᠠᠵᠤ᠂ ᠪᠣᠳᠠᠲᠠᠢ ᠠᠵᠢᠯᠯᠠᠵᠤ ᠬᠠᠲᠠᠭᠤᠵᠢᠯᠲᠠᠢ ᠠᠵᠢᠯᠯᠠᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ