ᠵᠠᠯᠠᠨ ᠠᠶᠢᠯ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠨᠢ ︽ᠲᠡᠭ︾ ᠤᠨ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2023/11/28
    11 ᠰᠠᠷ᠎ᠠ ᠶᠢᠨ 20 ᠤ ᠡᠳᠦᠷ᠂ ᠬᠥᠯᠥᠨ ᠪᠤᠶᠢᠷ ᠤᠨ ᠹᠤᠩ ᠶᠤᠸᠠᠨ ᠬᠠᠩᠭᠠᠯᠭ᠎ᠠ ᠶᠢᠨ ᠬᠡᠯᠬᠢᠶᠡᠨ ᠤ ᠬᠢᠵᠠᠭᠠᠷᠲᠤ ᠺᠣᠮᠫᠠᠨᠢ ᠶᠢᠨ ᠭᠠᠳᠠᠭᠠᠳᠤ ᠪᠠᠯᠠ 2.5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠭᠦᠷᠦᠭᠰᠡᠨ ᠨᠢ ᠵᠠᠯᠠᠨ ᠠᠶᠢᠯ ᠬᠤᠲᠠ ᠶᠢᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠬᠤ ᠳᠤ ︽ᠲᠡᠭ︾ ᠤᠨ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃     ᠡᠨᠡ ᠵᠢᠯ ᠠᠴᠠ ᠨᠠᠰᠢ᠂ ᠵᠠᠯᠠᠨ ᠠᠶᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ  ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠪᠠ᠃ 9 ᠰᠠᠷ᠎ᠠ ᠶᠢᠨ 20 ᠤ ᠡᠳᠦᠷ᠂ ᠬᠥᠯᠥᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠦᠴᠦᠨ ᠤ ᠠᠬᠢᠭᠤᠯᠤᠯ ᠳᠣᠤᠷ᠎ᠠ᠂ ᠮᠠᠨ ᠤ ᠬᠤᠲᠠ ᠠᠩᠬᠠᠳᠠᠭᠴᠢ ᠭᠠᠳᠠᠭᠠᠳᠤ ᠪᠠᠯᠠ ᠶᠢᠨ ᠲᠤᠰᠠᠭᠠᠷ ᠪᠠᠯᠠ ᠣᠷᠣᠭᠤᠯᠤᠭᠰᠠᠨ ᠠᠵᠤ ᠠᠬᠤᠶᠢᠯᠠᠯ — ᠬᠥᠯᠥᠨ ᠪᠤᠶᠢᠷ ᠤᠨ ᠹᠤᠩ ᠶᠤᠸᠠᠨ ᠬᠠᠩᠭᠠᠯᠭ᠎ᠠ ᠶᠢᠨ ᠬᠡᠯᠬᠢᠶᠡᠨ ᠤ ᠬᠢᠵᠠᠭᠠᠷᠲᠤ ᠺᠣᠮᠫᠠᠨᠢ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ᠃ ᠵᠠᠯᠠᠨ ᠠᠶᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠲᠣᠬᠢᠷᠠᠭᠤᠯᠵᠤ᠂ ᠲᠤᠰᠬᠠᠶ ᠬᠥᠮᠦᠨ ᠲᠣᠮᠢᠯᠠᠨ ᠰᠢᠢᠳᠪᠦᠷᠢᠯᠡᠭᠦᠯᠵᠦ᠂ ᠦᠷᠭᠦᠯᠵᠢᠯᠡᠨ ᠮᠥᠷᠳᠡᠨ  ᠦᠢᠯᠡᠴᠢᠯᠡᠵᠦ᠂ 11 ᠰᠠᠷ᠎ᠠ ᠶᠢᠨ 20 ᠤ ᠡᠳᠦᠷ ᠲᠦᠷᠦᠭᠦᠤ ᠪᠦᠯᠦᠭ ᠤᠨ 2.5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠠᠷᠠᠳ ᠤᠨ ᠵᠣᠭᠤᠰ ᠢᠶᠠᠷ ᠠᠮᠵᠢᠯᠲᠠᠲᠠᠶ ᠣᠷᠣᠭᠤᠯᠵᠤ᠂ ᠵᠠᠯᠠᠨ ᠠᠶᠢᠯ ᠬᠤᠲᠠ ᠶᠢᠨ ᠪᠣᠳᠠᠲᠠᠶ ᠬᠡᠷᠡᠭᠯᠡᠭᠰᠡᠨ ᠭᠠᠳᠠᠭᠠᠳᠤ ᠶᠢᠨ ᠪᠠᠯᠠ ᠮᠥᠩᠭᠦ ᠶᠢᠨ ᠲᠤᠭ᠎ᠠ ᠬᠡᠮᠵᠢᠶ᠎ᠡ ᠶᠢ ᠨᠢᠭᠡ ᠴᠦ ᠥᠬᠡᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠭᠠᠵᠠᠷ ᠣᠷᠣᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠮᠠᠨ ᠤ ᠬᠤᠲᠠ ᠶᠢᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠤ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ