ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠺᠠᠲᠡᠷ ᠠᠵᠢᠯᠲᠠᠨ ᠠᠵᠢᠯᠴᠢᠨ ᠳᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/28
    ᠣᠶᠢᠷ᠎ᠠ ᠳᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠥᠬᠦ ᠺᠠᠲᠡᠷ ᠠᠵᠢᠯᠲᠠᠨ ᠠᠵᠢᠯᠴᠢᠨ ᠳᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ︽ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠵᠠᠯᠠᠨ ᠠᠶᠢᠯ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠴᠡᠭᠴᠡᠯᠡᠨ ᠥᠭᠡᠷᠡᠴᠢᠯᠡᠬᠦ ᠲᠥᠰᠦᠯ︾ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠺᠠᠲᠡᠷ ᠠᠵᠢᠯᠲᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠭᠦᠨᠵᠡᠭᠡᠶ ᠲᠤᠩᠭᠠᠨ ᠪᠣᠳᠣᠯᠬᠢᠯᠠᠭᠤᠯᠵᠤ᠂ ᠡᠭᠦᠨ ᠢᠶᠠᠷ ᠴᠡᠭᠡᠷᠯᠡᠯ ᠪᠣᠯᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠤᠨ᠂ ᠰᠤᠷᠲᠠᠯ ᠴᠢᠬᠡᠴᠢ ᠣᠪᠣᠷ ᠲᠥᠪ  ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠪᠠ᠃     ᠬᠤᠷᠠᠯ ᠳᠡᠭᠡᠷ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠡᠷᠡᠮᠵᠢᠯᠡᠭᠦᠯᠬᠦ ᠬᠥᠮᠦᠵᠢᠯ ᠤᠨ ᠶᠠᠷᠢᠶ᠎ᠠ ᠲᠠᠯᠪᠢᠵᠤ᠂ ᠪᠦᠬᠦ ᠺᠠᠲᠡᠷ ᠠᠵᠢᠯᠲᠠᠨ ᠠᠵᠢᠯᠴᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠬᠠᠮᠰᠠᠷ ᠠᠴᠠ ᠪᠠᠨ ᠳᠦᠷᠢᠮ ᠢᠶᠠᠷ ᠥᠪᠡᠷ ᠢ ᠪᠠᠨ ᠬᠢᠵᠠᠭᠠᠷᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠤᠯᠠᠭᠠᠨ ᠱᠤᠭᠤᠮ ᠠᠴᠠ ᠳᠠᠪᠠᠭ᠋ᠤ ᠦᠭᠡᠶ᠂ ᠥᠨᠳᠥᠷ ᠳᠠᠷᠤᠯᠲᠠᠲᠤ ᠱᠤᠭᠤᠮ ᠢ ᠬᠦᠨᠳᠡᠬᠦ ᠦᠭᠡᠶ ᠪᠠᠶᠢᠬᠤ ᠬᠡᠷᠡᠭᠲᠡᠶ ᠭᠡᠵᠦ ᠱᠠᠭᠠᠷᠳᠠᠵᠠᠶ᠃     ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠬᠥᠮᠦᠰ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠥᠴᠦᠬᠡᠨ ᠴᠦ ᠠᠭᠤᠴᠢᠯᠠᠬᠤ ᠦᠭᠡᠢ︾ ᠶᠢᠨ ︽ᠡᠭᠦᠷᠢᠳᠡ ᠵᠤᠬᠰᠤᠰᠢ ᠦᠭᠡᠢ︾ ᠶᠢ ᠬᠠᠮᠲᠤ ᠪᠠᠷ ᠦᠵᠡᠪᠡ᠂ ᠬᠤᠷᠠᠯ ᠠᠴᠠ᠂ ᠪᠦᠬᠦ  ᠺᠠᠲᠡᠷ ᠠᠵᠢᠯᠳᠠᠨ ᠠᠵᠢᠯᠴᠢᠨ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ