ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠄ ᠳ᠋ᠠᠶᠢᠲ᠋ᠠ ᠶᠢ ᠬᠠᠮᠲᠤ ᠪᠠᠷ ᠡᠳ᠋ᠯᠡᠵᠦ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠣᠯᠭᠠᠨ᠎ᠠ
ᠨᠡᠶᠢᠲᠡᠯᠡᠭᠰᠡᠨ ᠴᠠᠭ᠄
2023/11/28
    ᠵᠠᠯᠠᠨ ᠠᠶᠢᠯ ᠬᠤᠲᠠ ᠶᠢᠨ ᠠᠯᠪᠠᠨ ᠭᠡᠷᠡᠴᠢᠯᠡᠭᠡ ᠶᠢᠨ ᠭᠠᠵᠠᠷ ᠨᠢ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠳᠠᠬᠢ ᠠᠯᠪᠠᠨ ᠭᠡᠷᠡᠴᠢᠯᠡᠭᠡ ᠶᠢᠨ ᠲᠦᠷᠢᠮ ᠤᠨ ᠡᠭᠦᠷᠭᠡ ᠴᠢᠳᠠᠪᠤᠷᠢ ᠶᠢᠨ ᠦᠢᠯᠡᠳᠦᠯ ᠢ  ᠭᠦᠢᠴᠡᠳ ᠪᠠᠳᠠᠷᠠᠭᠤᠯᠵᠤ᠂ ︽ᠠᠷᠠᠳ ᠤᠨ ᠲᠥᠯᠥᠭᠡ ᠦᠨᠡᠮᠯᠡᠯ  ᠭᠦᠢᠴᠡᠳᠬᠡᠬᠦ︾  ᠦᠢᠯᠡᠴᠢᠯᠡᠭᠡᠨ ᠤ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠦᠨ᠂ ᠰᠠᠨᠠᠭᠠᠴᠢᠯᠠᠭ᠎ᠠ ᠠᠴᠠ ᠪᠠᠨ ᠲᠤᠭ᠎ᠠ ᠪᠠᠷᠢᠮᠲᠠ ᠪᠠᠷ ᠠᠯᠪᠠᠨ ᠭᠡᠷᠡᠴᠢᠯᠡᠭᠡ ᠳᠤ ᠴᠢᠳᠠᠪᠤᠷᠢ ᠣᠯᠭᠤᠵᠤ᠂ ᠠᠯᠪᠠᠨ ᠭᠡᠷᠡᠴᠢᠯᠡᠭᠡ ᠶᠢᠨ  ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠣᠷᠤᠭ ᠤᠨ ᠪᠦᠷᠢᠳᠬᠡᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠬᠠᠷᠭᠤᠭᠤᠯᠤᠨ ᠪᠠᠶᠢᠴᠠᠭᠠᠬᠤ ᠠᠷᠭ᠎ᠠ︾ ᠶᠣᠰᠣᠭᠠᠷ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠬᠤᠯᠪᠣᠯᠳᠤᠨ ᠬᠠᠮᠵᠢᠯᠴᠠᠬᠤ᠂ ᠣᠷᠤᠭ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ︽ᠣᠷᠤᠭ ᠤᠨ ᠲᠠᠩᠰᠠ ᠡᠪᠬᠡᠮᠡᠯ ᠤᠨ ᠲᠣᠭᠲᠠᠭᠠᠯ ᠳᠤ ᠨᠡᠶᠢᠴᠡᠭᠰᠡᠨ ᠪᠠᠶᠢᠴᠠᠭᠠᠨ ᠯᠠᠪᠯᠠᠬᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠡᠭᠦᠨ ᠠᠴᠠ ᠡᠬᠢᠯᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ  ᠦᠢᠯᠡᠴᠢᠯᠡᠭᠡ ᠶᠢ ᠪᠥᠬᠦ ᠲᠠᠯ᠎ᠠ ᠪᠠᠷ ᠡᠬᠢᠯᠡᠭᠦᠯᠪᠡ᠃     ᠠᠯᠪᠠᠨ ᠭᠡᠷᠡᠴᠢᠯᠡᠭᠡ ᠶᠢᠨ ᠬᠢᠨᠠᠨ ᠬᠠᠷᠭᠤᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠬᠢᠬᠦ ᠴᠠᠭ ᠢ ᠪᠣᠭᠤᠨᠢᠰᠬᠠᠵᠤ᠂ ᠵᠠᠯᠠᠨ ᠠᠶᠢᠯ ᠬᠤᠲᠠ ᠶᠢᠨ ᠠᠯᠪᠠᠨ ᠭᠡᠷᠡᠴᠢᠯᠡᠭᠡ ᠶᠢᠨ ᠭᠠᠵᠠᠷ ᠤᠨ ᠬᠢᠨ ︽ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠡᠨ ᠤ ᠪᠣᠯᠪᠠᠰᠤᠷᠠᠭᠤᠯᠤᠯ ᠤᠨ ᠬᠤᠷᠠᠯ ᠡᠷᠭᠢᠯᠡᠬᠦ ᠲᠤᠬᠠᠶ ᠮᠡᠳᠡᠭᠳᠡᠯ︾ ᠶᠣᠰᠣᠭᠠᠷ᠂ ᠪᠣᠯᠪᠠᠰᠤᠷᠠᠭᠤᠯᠤᠯ ᠳᠤ ᠢᠳᠡᠪᠬᠢᠲᠡᠶ ᠣᠷᠣᠯᠴᠠᠭᠰᠠᠨ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠠᠵᠢᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠰᠢᠰᠲ᠋ᠧᠮ ᠳᠠᠬᠢ ᠣᠷᠤᠭ ᠤᠨ ᠳᠡᠩᠰᠡᠯᠡᠯᠲᠡ ᠶᠢᠨ ᠪᠠᠶᠢᠴᠠᠭᠠᠨ ᠯᠠᠪᠯᠠᠬᠤ ᠴᠢᠳᠠᠮᠵᠢ ᠪᠠᠷ ᠳᠠᠮᠵᠢᠭᠤᠯᠤᠨ᠂ ᠠᠯᠪᠠᠨ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠᠬᠢ ᠰᠡᠵᠢᠭᠯᠡᠯᠲᠡᠶ ᠣᠷᠤᠭ ᠤᠨ ᠪᠠᠶᠢᠳᠠᠯ ᠳᠤ᠂ ᠣᠷᠤᠭ ᠤᠨ ᠳᠡᠩᠰᠡᠯᠡᠯᠲᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠵᠤ᠂ ᠣᠯᠠᠨ ᠲᠦᠮᠡᠨ ᠤ ︽ᠨᠠᠰᠢ ᠴᠠᠰᠢ ᠭᠦᠶᠦᠬᠦ︾ ︽ᠣᠯᠠᠨ ᠤᠳᠠᠭ᠎ᠠ ᠭᠦᠶᠦᠬᠦ︾ ᠠᠰᠠᠭᠤᠳᠠᠯ ᠢ  ᠰᠢᠢᠳᠪᠦᠷᠢᠯᠡᠬᠦ ᠶᠢᠨ ᠬᠠᠮᠲᠤ ᠪᠠᠰᠠ ᠠᠯᠪᠠᠨ ᠭᠡᠷᠡᠴᠢᠯᠡᠭᠡ ᠶᠢᠨ ᠠᠵᠢᠯ ᠤᠨ ᠣᠨᠣᠪᠴᠢᠲᠤ ᠴᠢᠨᠠᠷ ᠢ ᠳᠡᠭᠡᠭᠰᠢᠯᠡᠭᠦᠯᠪᠡ᠃    ᠵᠠᠯᠠᠨ ᠠᠶᠢᠯ ᠬᠤᠲᠠ ᠶᠢᠨ ᠠᠯᠪᠠᠨ ᠭᠡᠷᠡᠴᠢᠯᠡᠭᠡ ᠶᠢᠨ ᠭᠠᠵᠠᠷ ᠰᠢᠨ᠎ᠡ ᠶᠢ ᠡᠭᠦᠳᠬᠦ ᠵᠠᠭᠪᠤᠷ ᠢ ᠦᠷᠭᠦᠯᠵᠢᠯᠡᠨ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ︽ᠬᠠᠲᠠᠭᠤ︾ ᠪᠣᠳᠠᠲᠤ ᠬᠦᠴᠦᠨ ᠢ ᠴᠢᠩᠭᠠᠷᠠᠭᠤᠯᠵᠤ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ︽ᠵᠥᠭᠡᠯᠡᠨ︾ ᠪᠣᠳᠠᠲᠤ ᠬᠦᠴᠦᠨ ᠢ ᠴᠢᠬᠤᠯᠠᠴᠢᠯᠠᠬᠤ ᠲᠠᠢ ᠤᠶᠠᠯᠳᠤᠭᠤᠯᠤᠨ᠂ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠬᠡᠬᠦ ᠳᠤ ᠨᠠᠩ ᠲᠥᠬᠦᠮ᠂ ᠨᠠᠩ ᠲᠦᠷᠭᠡᠨ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ