ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2023/11/28
    ᠰᠢᠨ᠎ᠡ ᠴᠠᠭ ᠦᠶ᠎ᠡ ᠳᠤ ᠬᠦᠰᠡᠯ ᠵᠡᠭᠦᠳᠦ ᠪᠠᠨ ᠬᠥᠭᠡᠭᠡᠴᠡᠯᠳᠦᠬᠦ ᠳᠤ ᠵᠠᠯᠠᠭᠤ ᠨᠠᠰᠤ ᠨᠡᠩ ᠵᠢᠪᠬᠤᠭ᠎ᠠ ᠲᠡᠭᠦᠯᠳᠡᠷ ᠬᠠᠷᠠᠭᠳᠠᠨ᠎ᠠ᠃ ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠭᠤᠸᠠᠩᠰᠢ ᠶᠢᠨ ᠨᠠᠨᠨᠢᠩ ᠳᠤ ᠵᠢᠩᠬᠢᠨᠢ ᠪᠠᠷ ᠡᠬᠢᠯᠡᠪᠡ᠃    ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠪᠣᠯ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠴᠢᠬᠤᠯᠠ ᠪᠡᠯᠭᠡ ᠲᠡᠮᠳᠡᠭ ᠮᠥᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠢᠯᠡᠷᠡᠭᠦᠯᠬᠦ ᠴᠢᠬᠤᠯᠠ ᠲᠠᠪᠴᠠᠩ ᠮᠥᠨ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠡᠷᠡᠯᠬᠡᠭᠯᠡᠨ ᠲᠡᠮᠡᠴᠡᠬᠦ ᠴᠢᠬᠤᠯᠠ ᠲᠠᠪᠴᠠᠩ ᠮᠥᠨ᠃ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠪᠣᠯ ᠤᠤᠯ ᠤᠨ ᠪᠦᠭᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠭᠯᠠᠭᠠᠨ ᠪᠠ ᠤᠤᠯ ᠤᠨ ᠪᠦᠭᠦ ᠤᠯᠤᠰ ᠤᠨ ᠰᠤᠷᠤᠬᠴᠢᠳ ᠤᠨ ᠲᠠᠮᠢᠷ ᠤᠨ ᠴᠤᠭᠯᠠᠭᠠᠨ ᠠᠴᠠ ᠨᠡᠶᠢᠯᠡᠵᠦ ᠢᠷᠡᠭᠰᠡᠨ ᠶᠤᠮ᠃ ᠴᠣ ᠰᠢᠨ᠎ᠡ ᠳᠦᠷᠰᠦ ᠪᠠᠶᠢᠳᠠᠯ ᠢᠶᠠᠷ ᠢᠯᠡᠷᠡᠭᠰᠡᠨ ᠠᠩᠬᠠᠳᠤᠭᠠᠷ ᠬᠤᠭᠤᠴᠠᠭᠠᠨ ᠤ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠨᠢ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠦᠴᠦᠲᠡᠢ ᠠᠬᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠠᠰᠠ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠳᠤ ᠴᠢᠳᠠᠪᠤᠷᠢᠲᠠᠨ ᠰᠣᠩᠭᠤᠨ᠂ ᠡᠩᠨᠡᠭᠡ ᠪᠠᠨ ᠳᠠᠪᠲᠠᠨ ᠪᠤᠯᠪᠠᠰᠤᠷᠠᠭᠤᠯᠵᠤ᠂ ᠲᠤᠷᠰᠢᠯᠭ᠎ᠠ ᠬᠤᠷᠠᠮᠳᠤᠭᠤᠯᠬᠤ ᠪᠣᠯᠣᠨ᠎ᠠ᠃    ᠲᠤᠰ ᠬᠤᠭᠤᠴᠠᠭᠠᠨ ᠤ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠪᠣᠯ ᠭᠤᠸᠠᠩᠰᠢ ᠠᠴᠠ ᠳᠠᠭᠠᠭᠠᠴᠢᠯᠠᠨ ᠡᠷᠭᠢᠯᠡᠭᠰᠡᠨ ᠠᠩᠬᠠᠳᠠᠭᠴᠢ ᠤᠷᠤᠯᠳᠤᠭᠠᠨ ᠤ ᠲᠦᠷᠦᠯ ᠤᠨ ᠪᠦᠭᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠴᠤᠭᠯᠠᠭᠠᠨ ᠪᠣᠯᠣᠨ᠎ᠠ᠃ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠳᠠᠮᠵᠢᠨ᠂ ᠭᠤᠸᠠᠩᠰᠢ ᠲᠤᠬᠠᠢ ᠶᠢᠨ ᠭᠠᠵᠠᠷ ᠤᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ ᠪᠣᠯᠣᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠳᠠᠶᠢᠴᠢᠯᠠᠬᠤ ᠪᠠᠷ ᠪᠠᠷᠠᠬᠤ ᠦᠭᠡᠢ ᠡᠯ᠎ᠡ ᠠᠵᠢᠯ ᠲᠦᠷᠦᠯ ᠤᠨ ᠴᠢᠳᠠᠪᠤᠷᠢᠲᠠᠨ ᠢ ᠬᠥᠮᠥᠵᠢᠭᠦᠯᠬᠦ᠂ ᠬᠤᠲᠠ ᠶᠢᠨ ᠲᠦᠷᠦᠯ ᠲᠡᠮᠳᠡᠭ ᠤᠨ ᠪᠠᠶᠢᠭᠤᠯᠤᠯᠲᠠ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠵᠡᠷᠭᠡ ᠲᠠᠯ᠎ᠠ ᠪᠠᠷ ᠠᠯᠤᠰ ᠭᠡᠳᠦ ᠶᠢᠨ ᠨᠥᠯᠥᠭᠡ ᠦᠵᠡᠭᠦᠯᠭᠦ ᠪᠣᠯᠣᠨ᠎ᠠ᠃    ᠵᠠᠯᠠᠭᠤ ᠨᠠᠰᠤᠨ ᠳᠠᠭᠠᠨ ᠭᠠᠷᠮᠠᠭᠠᠢ ᠠᠮᠵᠢᠯᠲᠠ ᠶᠢ ᠬᠥᠭᠡᠭᠡᠴᠡᠯᠳᠦᠵᠦ᠂ ᠴᠢᠷᠮᠠᠶᠢᠯᠭ᠎ᠠ ᠲᠡᠮᠡᠴᠡᠯ ᠢᠶᠠᠷ ᠢᠶᠠᠨ ᠭᠤᠶᠢᠳᠠ ᠤᠴᠠᠷᠠᠯ ᠢ ᠪᠦᠲᠦᠭᠡᠨ᠎ᠡ᠃ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠤ ᠠᠯᠢ ᠣᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠠᠴᠠ ᠵᠠᠯᠠᠭᠤᠴᠤᠳ ᠪᠠᠭᠠᠴᠤᠳ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠰᠣᠶᠣᠯ ᠤᠨ ᠷᠢᠳᠢ ᠰᠢᠳᠢ ᠶᠢ ᠭᠦᠢᠴᠡᠳ ᠣᠶᠢᠯᠠᠭᠠᠵᠤ᠂ ᠤᠷᠤᠯᠳᠤᠭᠠᠨ ᠤ ᠳᠤᠮᠳᠠ ᠳᠠᠪᠰᠢᠯᠲᠠ ᠲᠠᠢ ᠪᠣᠯᠵᠤ᠂ ᠰᠣᠶᠣᠯ ᠤᠨ ᠠᠵᠢᠯᠯᠠᠭ᠎ᠠ ᠶᠢᠨ ᠳᠤᠮᠳᠠ ᠮᠡᠳᠡᠯᠭᠡ ᠬᠦᠷᠲᠡᠵᠦ᠂ ᠰᠣᠯᠢᠯᠴᠠᠭ᠎ᠠ ᠨᠡᠪᠲᠡᠷᠡᠯᠴᠡᠭᠡ ᠶᠢᠨ ᠳᠤᠮᠳᠠ ᠣᠯᠣᠯᠲᠠ ᠲᠥᠷᠥᠭᠳᠡᠯ ᠢᠶᠠᠨ ᠨᠡᠮᠡᠭᠳᠡᠭᠦᠯᠬᠦ ᠪᠣᠯᠣᠨ᠎ᠠ᠃    ᠵᠠᠯᠠᠭᠤᠴᠤᠳ ᠪᠣᠯ ᠡᠬᠡ ᠤᠯᠤᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠂ ᠵᠠᠯᠠᠭᠤᠴᠤᠳ ᠪᠠᠭᠠᠴᠤᠳ ᠡᠷᠡᠭᠦᠯ ᠢᠶᠠᠷ ᠦᠰᠦᠨ ᠪᠤᠶᠢᠵᠢᠪᠠᠯ ᠤᠯᠤᠰ ᠣᠷᠣᠨ ᠰᠠᠶ᠋ᠢ ᠠᠯᠤᠰ ᠭᠡᠳᠦ ᠶᠢᠨ ᠬᠥᠭᠵᠢᠯᠲᠡ ᠲᠠᠢ ᠪᠠᠶᠢᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠦᠶ᠎ᠡ ᠦᠶ᠎ᠡ ᠶᠢᠨ ᠬᠦᠰᠡᠯ ᠵᠣᠷᠢᠭᠲᠠᠢ ᠵᠠᠯᠠᠭᠤᠴᠤᠳ ᠦᠷᠭᠦᠯᠵᠢᠯᠡᠨ ᠲᠡᠮᠡᠴᠡᠬᠦ ᠴᠢᠬᠤᠯᠠᠲᠠᠢ᠃ ᠪᠡᠶ᠎ᠡ ᠶᠢᠨ ᠲᠠᠮᠢᠷ ᠤᠨ ᠭᠡᠷᠡᠯ ᠭᠢᠯᠪᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ‍ ᠨᠢᠭᠡ ᠦᠶ᠎ᠡ ᠶᠢᠨ ᠬᠢᠨ ᠢ ᠬᠥᠮᠥᠵᠢᠭᠦᠯᠦᠨ᠎ᠡ᠂ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠭᠢᠷᠠᠭ ᠪᠡᠶ᠎ᠡ ᠮᠠᠬᠠᠪᠤᠳ ᠤᠨ ᠬᠡᠪ ᠴᠢᠨᠠᠷ ᠢ ᠳᠠᠪᠲᠠᠨ ᠪᠤᠯᠪᠠᠰᠤᠷᠠᠭᠤᠯᠵᠤ᠂ ᠢᠳᠡᠪᠬᠢᠲᠡᠢ ᠥᠭᠡᠳᠡᠷᠬᠡᠭ ᠠᠮᠢᠳᠤᠷᠠᠯ ᠤᠨ ᠣᠶᠢᠯᠠᠭᠠᠭᠳᠠᠬᠤᠨ ᠢ ᠪᠤᠶ ᠪᠤᠯᠭᠠᠵᠤ᠂ ᠰᠢᠯᠢᠳᠡᠭ ᠵᠠᠩ ᠴᠢᠨᠠᠷ ᠢ ᠬᠥᠮᠥᠵᠢᠭᠦᠯᠵᠦ᠂ ᠵᠠᠯᠠᠭᠤ ᠨᠠᠰᠤᠨ ᠤ ᠬᠦᠰᠡᠯ ᠵᠣᠷᠢᠭ ᠢᠶᠠᠷ ᠵᠠᠯᠠᠭᠤ ᠨᠠᠰᠤᠨ ᠤ ᠬᠦᠴᠦᠨ ᠴᠢᠳᠠᠯ ᠢ ᠬᠥᠭᠵᠢᠭᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠤᠭ᠎ᠠ ᠬᠦᠴᠦᠨ ᠢ ᠨᠢᠭᠲᠠᠷᠠᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠬᠦᠰᠡᠯ ᠵᠡᠭᠦᠳᠦ ᠶᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠠᠭ ᠦᠶ᠎ᠡ ᠶᠢᠨ ᠤᠷᠤᠰᠬᠠᠯ ᠳᠤ ᠲᠥᠪᠯᠡᠷᠡᠭᠦᠯᠦᠨ᠎ᠡ᠃    ᠥᠪᠡᠷ ᠤᠨ ᠵᠠᠯᠠᠭᠤ ᠨᠠᠰᠤ ᠪᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠣᠷᠢᠭᠤᠯᠤᠨ᠎ᠠ᠃ ᠰᠤᠷᠤᠬᠴᠢᠳ ︵ᠵᠠᠯᠠᠭᠤᠴᠤᠳ︶ ᠤᠨ ᠲᠠᠮᠢᠷ ᠤᠨ ᠴᠤᠭᠯᠠᠭᠠᠨ ᠳᠤ ᠤᠷᠤᠯᠴᠠᠬᠰᠠᠨ ᠬᠤᠶᠠᠷ ᠲᠦᠮᠡ ᠭᠠᠷᠤᠢ ᠵᠠᠯᠠᠭᠤ ᠪᠠᠭ᠎ᠠ ᠲᠠᠮᠢᠷᠴᠢᠨ᠂ ᠲᠦᠮᠡ ᠵᠢᠷᠭᠤᠭᠠᠨ ᠮᠢᠩᠭ᠎ᠠ ᠭᠠᠷᠤᠢ ᠵᠠᠯᠠᠭᠤ ᠰᠠᠶᠢᠨ ᠲᠤᠷᠠᠴᠤᠳ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠰᠢᠨ᠎ᠡ ᠴᠠᠭ ᠦᠶ᠎ᠡ ᠶᠢᠨ ᠰᠢᠨ᠎ᠡ ᠵᠠᠯᠠᠭᠤᠴᠤᠳ ᠵᠠᠯᠠᠭᠤ ᠨᠠᠰᠤ ᠪᠠᠨ ᠬᠥᠰᠡᠷᠳᠡᠭᠦᠯᠦᠯ ᠦᠭᠡᠢ ᠪᠠᠷ ᠰᠢᠨ᠎ᠡ ᠠᠶᠠᠨ ᠰᠢᠨ᠎ᠡ ᠤᠷᠤᠯᠳᠤᠭᠠᠨ ᠤ ᠵᠠᠮ ᠳᠡᠭᠡᠷ᠎ᠡ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠨᠡᠮᠡᠷᠢᠯᠡᠶ᠎ᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ