ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠰᠤᠭᠠᠢ
ᠨᠡᠶᠢᠲᠡᠯᠡᠭᠰᠡᠨ ᠴᠠᠭ᠄
2023/11/28
    ᠢᠨᠲ᠋ᠧᠷ ᠰᠦᠯᠵᠢᠶ᠎ᠡ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ ᠮᠥᠨ᠃ ᠲᠣᠭᠠᠴᠢᠯᠠᠭᠰᠠᠨ ᠮᠡᠷᠭᠡᠵᠢᠯ ᠬᠡᠷᠬᠢᠨ ᠰᠢᠨ᠎ᠡ ᠶᠢ ᠡᠭᠦᠳᠦᠨ ᠬᠥᠭᠵᠢᠭᠰᠡᠨ ᠴᠦ᠂ ᠳᠡᠯᠡᠬᠡᠢ ᠶᠢᠨ ᠣᠷᠴᠢᠨ ᠲᠣᠭᠤᠷᠢᠨ ᠬᠡᠷᠬᠢᠨ ᠤᠷᠪᠠᠭᠠᠨ ᠬᠥᠷᠪᠡᠭᠡᠨ ᠲᠠᠢ ᠪᠣᠯᠤᠭᠰᠠᠨ ᠴᠤ᠂ ᠬᠥᠮᠦᠨ ᠪᠦᠬᠦᠨ ᠰᠦᠯᠵᠢᠶᠡᠨ ᠤ ᠣᠷᠣᠨ ᠵᠠᠢ ᠳᠤ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠤᠪᠢ ᠵᠠᠶᠠᠭ᠎ᠠ ᠪᠠᠨ ᠬᠤᠯᠪᠣᠵᠦ ᠪᠠᠶᠢᠳᠠᠭ᠃ 11 ᠰᠠᠷ᠎ᠠ ᠶᠢᠨ 8 ᠤ ᠡᠳᠦᠷ᠂ ᠲᠡᠷᠢᠭᠦᠯᠡᠭᠴᠢ ᠰᠢ ᠶᠢᠨ ᠫᠢᠩ 2023 ᠣᠨ ᠤ ᠳᠡᠯᠡᠬᠡᠶ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠬᠦ ᠳᠡᠭᠡᠨ᠂ ︽ᠪᠢᠳᠡ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠦᠯᠵᠢᠶᠡᠨ ᠤ ᠣᠷᠣᠨ ᠵᠠᠶ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠰᠢᠨ᠎ᠡ ᠱᠠᠲᠤᠨ ᠳᠤ ᠣᠷᠣᠬᠤ ᠶᠢ ᠬᠠᠮᠲᠤ ᠪᠠᠷ ᠠᠬᠢᠭᠤᠯᠬᠤ ᠬᠡᠷᠡᠭᠳᠡᠢ︾ ᠭᠡᠵᠦ ᠴᠢᠬᠤᠯᠠᠴᠢᠯᠠᠵᠤ᠂ ᠬᠥᠭᠵᠢᠭᠦᠯᠬᠦ ᠶᠢ ᠲᠡᠷᠢᠭᠦᠨ ᠳᠤ ᠲᠠᠯᠪᠢᠬᠤ᠂ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ᠂ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ ᠬᠥᠭᠵᠢᠭᠰᠡᠨ᠂ ᠡᠩᠬᠡ ᠲᠠᠶᠢᠪᠤᠩ ᠠᠮᠤᠷ ᠲᠦᠪᠰᠢᠨ᠂ ᠡᠷᠬᠡ ᠲᠡᠭᠰᠢ ᠪᠠᠭᠲᠠᠭᠠᠮᠵᠢᠲᠠᠶ ᠰᠦᠯᠵᠢᠶᠡᠨ ᠤ ᠣᠷᠣᠨ ᠵᠠᠶ ᠶᠢ ᠪᠠᠶᠢᠭᠤᠯᠬᠤ ᠭᠤᠷᠪᠠᠨ ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠭᠠᠷ ᠬᠤᠯᠪᠣᠨ ᠰᠦᠯᠵᠢᠶᠡᠨ ᠤ ᠣᠷᠣᠨ ᠵᠠᠶ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠷᠬᠡᠭ ᠶᠡᠭᠡ ᠢᠳᠡᠪᠬᠢ ᠬᠦᠴᠦᠨ ᠨᠡᠮᠡᠷᠢᠯᠡᠪᠡ᠃    ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ ᠳᠡᠪᠵᠢᠶᠡᠨ ᠰᠣᠯᠪᠢᠴᠠᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠶᠢᠨ ᠪᠠᠶᠢᠳᠠᠯ ᠲᠦᠷᠭᠡᠳᠦᠨ ᠬᠤᠪᠢᠷᠠᠵᠤ ᠪᠠᠶᠢᠨ᠎ᠠ᠂ ᠬᠥᠭᠵᠢᠯᠲᠡ ᠶᠢᠨ ᠤᠯᠠᠭᠠᠨ ᠲᠤᠭ᠎ᠠ ᠶᠢ ᠬᠡᠷᠬᠢᠨ ᠰᠢᠢᠳᠪᠦᠷᠢᠯᠡᠬᠦ᠂ ᠠᠮᠤᠷ ᠲᠦᠪᠰᠢᠨ ᠤ ᠬᠦᠴᠢᠷᠳᠡᠯ ᠢ ᠬᠡᠷᠬᠢᠨ ᠰᠢᠢᠳᠪᠦᠷᠢᠯᠡᠬᠦ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠴᠢᠩᠭᠠᠳᠬᠠᠬᠤ ᠪᠣᠯ ᠪᠢᠳᠡᠨ ᠳᠤ ᠬᠠᠮᠲᠤ ᠪᠠᠷ ᠲᠤᠯᠭᠠᠷᠠᠵᠤ ᠪᠠᠶᠢᠭ᠎ᠠ ᠴᠠᠭ ᠦᠶ᠎ᠡ ᠶᠢᠨ ᠰᠡᠳᠦᠪ ᠪᠣᠯᠣᠨ᠎ᠠ᠃ ᠡᠨᠡ ᠬᠦ ᠪᠠᠶᠢᠳᠠᠯ ᠳᠣᠣᠷ᠎ᠠ᠂ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠪᠢᠰᠢ᠂ ᠬᠠᠷᠢᠨ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠷᠭ᠎ᠠ ᠵᠠᠮ ᠢ ᠬᠠᠮᠲᠤ ᠪᠠᠷ ᠡᠷᠢᠯᠬᠢᠯᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠶᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠠᠵᠤ ᠠᠬᠤᠢ ᠶᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠪᠦᠯᠬᠦᠮᠳᠡᠯ ᠢᠶᠠᠷ ᠬᠠᠭᠠᠴᠠᠯ ᠢ ᠣᠷᠣᠯᠠᠭᠤᠯᠵᠤ᠂ ᠬᠠᠮᠲᠤᠷᠠᠯᠴᠠᠭ᠎ᠠ ᠪᠠᠷ ᠡᠰᠡᠷᠭᠦᠴᠡᠯᠳᠦᠯ ᠢ ᠣᠷᠣᠯᠠᠭᠤᠯᠵᠤ᠂ ᠪᠠᠭᠲᠠᠭᠠᠮᠵᠢᠲᠠᠢ ᠪᠠᠷ ᠪᠤᠰᠤᠳ ᠢ ᠭᠠᠳᠠᠭᠤᠷᠴᠢᠯᠠᠬᠤ ᠶᠢ ᠣᠷᠣᠯᠠᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ ᠪᠠᠶᠢᠬᠤ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠶᠤᠮ᠃ ᠵᠢᠩᠬᠢᠨᠢ ᠤᠯᠠᠨ ᠲᠠᠯᠠᠲᠤ ᠦᠵᠡᠯ ᠢ ᠡᠷᠡᠰ ᠦᠢᠯᠡᠳᠦᠯᠭᠡᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢᠨ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠰᠠᠶ᠋ᠢ ᠪᠦᠬᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠥᠷᠢᠰᠥᠯᠳᠦᠭᠡᠨ ᠢ ᠠᠷᠭᠠᠴᠠᠵᠤ᠂ ᠬᠥᠮᠦᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ ᠴᠢᠳᠠᠨ᠎ᠠ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠴᠡᠢ᠃ ᠢᠨᠲ᠋ᠧᠷ ᠰᠦᠯᠵᠢᠶ᠎ᠡ ᠨᠢ ᠡᠳᠦᠷ ᠢᠷᠡᠬᠦᠶ᠎ᠡ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ᠂ ᠠᠮᠤᠷ ᠲᠦᠪᠰᠢᠨ ᠢ ᠬᠠᠮᠠᠭᠠᠯᠠᠬᠤ ᠰᠢᠨ᠎ᠡ ᠣᠷᠣᠨ ᠵᠠᠢ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠰᠢᠨ᠎ᠡ ᠲᠠᠪᠴᠠᠩ ᠪᠤᠯᠵᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠰᠡᠳᠦᠪ ᠢ ᠬᠠᠷᠢᠭᠤᠯᠬᠤ ᠵᠠᠶᠢᠯᠠᠰᠢ ᠦᠭᠡᠢ ᠰᠣᠩᠭᠤᠯᠲᠠ ᠪᠣᠯᠬᠤ ᠮᠥᠷᠲᠡᠭᠡᠨ ᠪᠠᠰᠠ ᠳᠡᠯᠡᠬᠡᠢ , ᠨᠡᠶᠢᠭᠡᠮ ᠤᠨ ᠬᠠᠮᠲᠤ ᠶᠢᠨ ᠬᠦᠰᠡᠯ ᠱᠠᠭᠠᠷᠳᠠᠯᠭ᠎ᠠ ᠪᠤᠯᠤᠨ᠎ᠠ᠃ 2015 ᠣᠨ ᠳᠤ᠂ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠪᠦᠬᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠬᠥᠭᠵᠢᠯᠲᠡ ᠵᠠᠰᠠᠯᠲᠠ ᠶᠢᠨ ︽ᠲᠦᠷᠪᠡᠨ ᠵᠠᠷᠴᠢᠮ︾᠂ ︽ᠲᠠᠪᠤᠨ ᠵᠣᠷᠢᠯᠲᠠ︾ ᠶᠢ ᠳᠤᠷᠠᠳᠴᠤ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠬᠰᠠᠨ ᠳᠤ᠂ ᠡᠨᠡ ᠬᠦ ᠣᠶᠢᠯᠠᠭᠠᠭᠳᠠᠬᠤᠨ ᠢ ᠳᠡᠯᠡᠬᠡᠢ ᠨᠡᠶᠢᠭᠡᠮ ᠢᠶᠠᠷ ᠢᠶᠠᠨ ᠥᠷᠭᠡᠨ ᠢᠶᠠᠷ ᠮᠡᠳᠡᠷᠡᠵᠦ ᠢᠳᠡᠪᠬᠢᠲᠡᠢ ᠴᠤᠤᠷᠢᠶᠠᠲᠤᠨ ᠲᠠᠭᠠᠪᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠨᠢ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠦᠰᠡᠯ ᠡᠷᠡᠮᠡᠯᠵᠡᠯ ᠲᠤᠤᠷ᠎ᠠ᠂ ᠲᠠᠰᠤᠷᠠᠯᠳᠠ ᠦᠭᠡᠢ ᠰᠢᠨ᠎ᠡ ᠠᠮᠵᠢᠯᠲᠠ ᠪᠦᠳᠦᠮᠵᠢ ᠣᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠦᠢᠴᠡᠳ ᠲᠣᠭᠠᠴᠢᠯᠠᠭᠰᠠᠨ ᠬᠥᠳᠡᠯᠭᠡᠬᠦ ᠬᠦᠴᠦᠨ ᠬᠠᠩᠭᠠᠵᠤ᠂ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ᠂ ᠨᠡᠩ ᠥᠷᠭᠡᠨ ᠳᠡᠯᠭᠡᠷ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠣᠯᠤᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠠᠢ᠃ ᠤᠷᠤᠭᠰᠢᠯᠠᠯᠲᠠ ᠶᠢᠨ ᠵᠠᠮ ᠳᠡᠭᠡᠷ᠎ᠡ᠂ ᠳᠤᠮᠳᠠᠳᠤ ᠤᠯᠤᠰ ᠢᠮᠠᠭᠲᠠ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠳᠡᠯᠡᠬᠡᠢ ᠨᠡᠶᠢᠭᠡᠮ ᠲᠠᠢ ᠬᠠᠮᠲᠤ ᠪᠠᠷ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ ᠬᠥᠭᠵᠢᠭᠰᠡᠨ᠂ ᠡᠩᠬᠡ ᠲᠠᠶᠢᠪᠤᠩ ᠠᠮᠤᠷ ᠲᠦᠪᠰᠢᠨ᠂ ᠡᠷᠬᠡ ᠲᠡᠭᠰᠢ ᠪᠠᠭᠲᠠᠭᠠᠮᠵᠢᠲᠠᠶ ᠰᠦᠯᠵᠢᠶᠡᠨ ᠤ ᠣᠷᠣᠨ ᠵᠠᠢ ᠶᠢ ᠬᠠᠮᠲᠤ ᠪᠠᠷ ᠪᠠᠶᠢᠭᠤᠯᠬᠤ ᠪᠤᠯᠤᠨ᠎ᠠ     ᠢᠨᠲ᠋ᠧᠷ ᠰᠦᠯᠵᠢᠶᠡᠨ ᠤ ᠬᠥᠭᠵᠢᠯᠲᠡ ᠳᠤ ᠤᠯᠠᠨ ᠢᠶᠠᠷ ᠢᠶᠠᠨ ᠬᠠᠮᠲᠤ ᠪᠠᠷ ᠣᠷᠣᠯᠴᠠᠬᠤ ᠴᠢᠬᠤᠯᠠᠲᠠᠢ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠢᠶᠠᠷ ᠢᠶᠠᠨ ᠬᠠᠮᠲᠤ ᠪᠠᠷ ᠡᠳ᠋ᠯᠡᠪᠡᠯ ᠵᠣᠬᠢᠨ᠎ᠠ᠃ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ ᠤᠨ ᠠᠭᠤᠰᠤᠯᠴᠠᠯ ᠡᠭᠦᠳᠦᠯᠳᠡ ᠲᠦᠷᠭᠡᠳᠴᠤ᠂ ᠲᠣᠭᠠᠴᠢᠯᠠᠯᠳᠠ᠂ ᠰᠦᠯᠵᠢᠶᠡᠵᠢᠯᠳᠠ᠂ ᠤᠶᠤᠨᠴᠢᠯᠠᠯᠳᠠ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠲᠦᠷᠭᠡᠨ ᠨᠡᠪᠴᠢᠨ ᠠᠭᠤᠰᠤᠯᠴᠠᠬᠤ ᠶᠢ ᠳᠠᠭᠠᠯᠳᠤᠨ᠂ ᠬᠥᠮᠦᠰ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠪᠣᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠵᠤ ᠪᠠᠶᠢᠨ᠎ᠠ᠃ ᠡᠭᠦᠨ ᠤ ᠬᠠᠮᠲᠤ᠂ ᠠᠳᠠᠯᠢ ᠪᠤᠰᠤ ᠤᠯᠤᠰ ᠪᠠ ᠭᠠᠵᠠᠷ ᠣᠷᠣᠨ ᠤ ᠢᠨᠲ᠋ᠧᠷ ᠰᠦᠯᠵᠢᠶᠡᠨ ᠤ ᠲᠦᠭᠡᠮᠡᠯᠵᠢᠯ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠮᠡᠷᠭᠡᠵᠢᠯ ᠤᠨ ᠰᠢᠨᠡᠴᠢᠯᠡᠯᠲᠡ ᠪᠠ ᠡᠭᠦᠳᠦᠯᠲᠡ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ᠂ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠵᠡᠷᠭᠡ ᠲᠠᠯ᠎ᠠ ᠶᠢᠨ ᠬᠥᠭᠵᠢᠯᠲᠡ ᠶᠢᠨ ᠬᠢᠷᠢ ᠲᠦᠪᠰᠢᠨ ᠲᠡᠩᠴᠡᠭᠦᠷᠢ ᠥᠬᠡᠶ ᠠᠴᠠ ᠪᠤᠯᠵᠤ᠂ ᠳᠡᠯᠡᠬᠡᠶ ᠶᠢᠨ ᠡᠯ᠎ᠡ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠳᠠ ᠶᠢ ᠨᠥᠯᠥᠭᠡᠯᠡᠨ ᠬᠢᠵᠠᠭᠠᠷᠯᠠᠵᠤ ᠪᠠᠶᠢᠨ᠎ᠠ᠃    ᠲᠡᠷᠢᠭᠦᠯᠡᠭᠴᠢ ᠰᠢ ᠶᠢᠨ ᠫᠢᠩ᠄ ︽ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠰᠠᠨᠠᠭᠠᠴᠢᠯᠠᠵᠤ᠂ ᠨᠡᠩ ᠲᠦᠭᠡᠮᠡᠯ ᠭᠦᠷᠳᠡᠭᠡᠮᠵᠢᠳᠤ ᠴᠡᠴᠡᠭᠯᠡᠨ ᠬᠥᠭᠵᠢᠭᠰᠡᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠭᠠᠭᠴᠠ ᠬᠦ ᠲᠣᠭᠠᠴᠢᠯᠠᠭᠰᠠᠨ ᠬᠦᠷᠢᠶᠡᠨ ᠤ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠵᠦ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠶᠢ ᠲᠦᠭᠡᠮᠡᠯᠵᠢᠭᠦᠯᠬᠦ ᠶᠢ ᠲᠦᠷᠭᠡᠳᠬᠡᠵᠦ᠂ ᠲᠣᠭᠠᠴᠢᠯᠠᠯᠳᠠ ᠶᠢᠨ ᠵᠠᠭᠠᠭ ᠵᠠᠢ ᠶᠢ ᠪᠠᠭᠠᠰᠬᠠᠵᠤ᠂ ᠢᠨᠲ᠋ᠧᠷ ᠰᠦᠯᠵᠢᠶᠡᠨ ᠤ ᠬᠥᠭᠵᠢᠯᠲᠡ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠᠯ ᠰᠠᠶ᠋ᠢ ᠨᠡᠩ ᠤᠯᠠᠨ ᠤᠯᠤᠰ ᠪᠠ ᠠᠷᠠᠳ ᠲᠦᠮᠡᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ ᠴᠢᠳᠠᠨ᠎ᠠ᠃    ᠵᠠᠢ ᠨᠢ ᠳᠡᠯᠡᠬᠡᠢ ᠶᠢᠨ ᠡᠯ᠎ᠡ ᠤᠯᠤᠰ ᠲᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠦᠯᠵᠢᠶᠡᠨ ᠤ ᠠᠮᠤᠷ ᠲᠦᠪᠰᠢᠨ ᠪᠣᠯ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠮᠥᠨ᠂ ᠠᠯᠢ ᠴᠤ ᠤᠯᠤᠰ ᠭᠡᠳ ᠡᠭᠦᠨ ᠠᠴᠠ ᠭᠠᠳᠠᠭᠤᠷ ᠤᠷᠤᠰᠢᠵᠦ ᠴᠢᠳᠠᠬᠤ ᠦᠭᠡᠢ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠳᠡᠯᠡᠬᠡᠢ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠡᠭᠦᠨ ᠤ ᠬᠠᠮᠲᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠦᠨᠳᠦᠰᠦᠨ ᠲᠦᠷᠢᠮ︾ ᠳᠤ ᠲᠣᠭᠲᠠᠭᠠᠭᠰᠠᠨ ᠡᠷᠬᠡ ᠮᠡᠳᠡᠯ ᠠᠳᠠᠯᠢ ᠲᠡᠭᠰᠢ ᠪᠠᠶᠢᠬᠤ ᠵᠠᠷᠴᠢᠮ ᠪᠣᠯ ᠤᠳᠤ ᠦᠶ᠎ᠡ ᠶᠢᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠮᠥᠨ᠂ ᠡᠨᠡ ᠨᠢ ᠮᠥᠨ ᠠᠳᠠᠯᠢᠬᠠᠨ ᠰᠦᠯᠵᠢᠶᠡᠨ ᠤ ᠣᠷᠣᠨ ᠵᠠᠢ ᠳᠤ ᠲᠤᠬᠢᠷᠠᠨ᠎ᠠ᠃ ᠲᠡᠷᠢᠭᠦᠯᠡᠭᠴᠢ ᠰᠢ ᠶᠢᠨ ᠫᠢᠩ᠄ ︽ᠪᠢᠳᠡ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠬᠤ ᠶᠢ ᠰᠠᠨᠠᠭᠠᠴᠢᠯᠠᠵᠤ᠂ ᠨᠡᠩ ᠡᠩᠬᠡ ᠲᠠᠶᠢᠪᠤᠩ ᠠᠮᠤᠷ ᠲᠦᠪᠰᠢᠨ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠭᠠᠭᠴᠠ ᠬᠦ ᠰᠦᠯᠵᠢᠶᠡᠨ ᠤ ᠡᠷᠬᠡ ᠮᠡᠳᠡᠯ ᠢ ᠬᠦᠨᠳᠦᠳᠬᠡᠵᠦ᠂ ᠰᠦᠯᠵᠢᠶᠡᠨ ᠤ ᠣᠷᠣᠨ ᠵᠠᠢ ᠶᠢᠨ ᠤᠯᠠᠨ ᠤᠯᠤᠰ ᠤᠨ ᠲᠦᠷᠢᠮ ᠢ ᠵᠢᠷᠤᠮᠯᠠᠵᠤ᠂ ᠰᠦᠯᠵᠢᠶᠡᠨ ᠤ ᠠᠮᠤᠷ ᠲᠦᠪᠰᠢᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠᠯ ᠰᠠᠶ᠋ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠠᠴᠠ ᠪᠣᠯᠤᠭᠰᠠᠨ ᠲᠦᠷᠢᠮ ᠤᠨ ᠮᠥᠷᠭᠦᠯᠳᠦᠭᠡᠨ᠂ ᠨᠡᠶᠢᠭᠡᠮ ᠤᠨ ᠠᠶᠤᠯ ᠲᠦᠭᠰᠢᠭᠦᠷᠢ᠂ ᠶᠣᠰᠣ ᠰᠤᠷᠲᠠᠬᠤᠨ ᠤ ᠥᠷᠢᠰᠥᠯᠳᠦᠭᠡᠨ ᠢ ᠵᠣᠬᠢᠰᠲᠠᠢ ᠠᠷᠭᠠᠴᠠᠵᠤ᠂ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠵᠤ ᠴᠢᠳᠠᠨ᠎ᠠ᠃ ᠪᠣᠯᠪᠠᠰᠤᠨ ᠨᠢ ᠰᠣᠯᠢᠯᠴᠠᠭ᠎ᠠ ᠪᠠᠷ ᠳᠠᠮᠵᠢᠨ ᠥᠩᠭᠡ ᠢᠯᠭᠠᠷᠠᠵᠤ᠂ ᠬᠠᠷᠢᠯᠴᠠᠨ ᠲᠣᠯᠢᠳᠠᠬᠤ ᠪᠠᠷ ᠳᠠᠮᠵᠢᠨ ᠬᠥᠭᠵᠢᠳᠡᠭ᠃ ᠢᠨᠲ᠋ᠧᠷ ᠰᠦᠯᠵᠢᠶ᠎ᠡ ᠪᠣᠯ ᠬᠥᠮᠦᠨ ᠲᠥᠷᠥᠯᠬᠢᠲᠡᠨ ᠤ ᠰᠢᠯᠢᠳᠡᠭ ᠰᠣᠶᠣᠯ ᠢ ᠤᠯᠠᠮᠵᠢᠯᠠᠨ ᠳᠡᠯᠭᠡᠷᠡᠭᠦᠯᠬᠦ᠂ ᠢᠳᠡᠪᠬᠢ ᠬᠦᠴᠦᠨ ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠮᠥᠨ᠃    ᠰᠦᠯᠵᠢᠶᠡᠨ ᠳᠡᠭᠡᠷᠡᠬᠢ ᠰᠣᠶᠣᠯ ᠤᠨ ᠰᠣᠯᠢᠯᠴᠠᠭ᠎ᠠ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠰᠣᠯᠢᠯᠴᠠᠭ᠎ᠠ ᠲᠤᠯᠢᠳᠠᠯ ᠢ ᠠᠬᠢᠭᠤᠯᠬᠤ ᠨᠢ ᠰᠦᠯᠵᠢᠶᠡᠨ ᠤ ᠰᠣᠶᠣᠯ ᠤᠨ ᠴᠡᠴᠡᠭᠯᠡᠯ ᠬᠥᠭᠵᠢᠯ ᠢ ᠬᠠᠮᠲᠤ ᠪᠠᠷ ᠠᠬᠢᠭᠤᠯᠵᠤ᠂ ᠬᠥᠮᠦᠰ ᠤᠨ ᠤᠶᠤᠨ ᠤ ᠶᠢᠷᠲᠢᠨᠴᠦ ᠶᠢ ᠪᠠᠶᠠᠯᠢᠭᠵᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠠᠰᠢᠭᠲᠠᠢ ᠶᠤᠮ᠃ ᠲᠡᠷᠢᠭᠦᠯᠡᠭᠴᠢ ᠰᠢ ᠶᠢᠨ ᠫᠢᠩ᠄ ︽ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠰᠠᠨᠠᠭᠠᠴᠢᠯᠠᠵᠤ᠂ ᠨᠡᠩ    ᠡᠷᠬᠡ ᠲᠡᠭᠰᠢ ᠪᠠᠭᠲᠠᠭᠠᠮᠵᠢᠲᠠᠢ ᠰᠦᠯᠵᠢᠶᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠭᠠᠭᠴᠠ ᠬᠦ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠶᠢ ᠴᠢᠩᠭᠠᠳᠬᠠᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠵᠤ᠂ ᠠᠳᠠᠯᠢ ᠪᠤᠰᠤ ᠪᠣᠯᠪᠠᠰᠤᠨ ᠤ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠠᠬᠢᠭᠤᠯᠪᠠᠯ ᠰᠠᠶ᠋ᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠨᠡᠩ ᠰᠠᠶᠢᠲᠤᠷ ᠪᠠᠳᠠᠷᠠᠭᠤᠯᠵᠤ ᠴᠢᠳᠠᠨ᠎ᠠ᠃ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠦᠢᠯᠡᠳᠪᠦᠷᠢᠯᠡᠨ ᠳᠠᠮᠵᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ᠂ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠢᠳᠡᠪᠬᠢᠲᠡᠢ ᠠᠬᠢᠭᠤᠯᠪᠠᠯ ᠰᠠᠶ᠋ᠢ ᠰᠦᠯᠵᠢᠶᠡᠨ ᠳᠡᠭᠡᠷᠡᠬᠢ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠵᠤ ᠴᠢᠳᠠᠨ᠎ᠠ᠃    ᠮᠡᠳᠡᠭᠡ ᠵᠠᠩᠭᠢ ᠶᠢᠨ ᠬᠤᠪᠢᠰᠬᠠᠯ ᠤᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠢ ᠤᠷᠤᠭᠰᠢᠯᠠᠵᠤ᠂ ᠰᠦᠯᠵᠢᠶᠡᠨ ᠤ ᠣᠷᠣᠨ ᠵᠠᠢ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠢᠨᠲ᠋ᠧᠷ ᠰᠦᠯᠵᠢᠶᠡᠨ ᠤ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠰᠦᠯᠵᠢᠶᠡᠨ ᠤ ᠣᠷᠣᠨ ᠵᠠᠢ ᠶᠢᠨ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ ᠶᠢ ᠠᠬᠢᠭᠤᠯᠵᠤ᠂ ᠭᠠᠷ ᠬᠤᠯᠪᠣᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠᠯ ᠯᠠᠪᠲᠠᠢ ᠢᠨᠲ᠋ᠧᠷ ᠰᠦᠯᠵᠢᠶ᠎ᠡ ᠶᠢ ᠨᠡᠩ ᠴᠡᠴᠡᠭᠯᠡᠨ ᠬᠦᠭᠵᠢᠭᠰᠡᠨ᠂ ᠨᠡᠩ ᠠᠷᠢᠭᠤᠨ ᠴᠡᠪᠡᠷ᠂ ᠨᠡᠩ ᠠᠮᠤᠷ ᠲᠦᠪᠰᠢᠨ ᠪᠤᠯᠭᠠᠵᠤ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ ᠴᠢᠳᠠᠨ᠎ᠠ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ