ᠵᠣᠷᠢᠭᠵᠢᠨ ᠤᠷᠮᠠᠰᠢᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠨ ᠢᠳᠡᠪᠬᠢᠲᠡᠢ ᠠᠵᠢᠯᠯᠠᠨ᠎ᠠ
ᠨᠡᠶᠢᠲᠡᠯᠡᠭᠰᠡᠨ ᠴᠠᠭ᠄
2023/11/28
    — ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠬᠥᠯᠥᠨ ᠪᠤᠶᠢᠷ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ    ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠪᠦᠭᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠲᠡᠦᠬᠡ ᠶᠢᠨ ᠠᠵᠠ ᠲᠣᠭᠢᠶᠠᠯ ᠢ ᠴᠢᠩᠭ᠎ᠠ ᠠᠳᠬᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠯᠥᠨ ᠪᠤᠶᠢᠷ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃    ︽ᠰᠠᠨᠠᠯ︾ ᠢ ᠳᠣᠷᠣᠭᠰᠢ ᠲᠠᠷᠬᠠᠭᠠᠭᠰᠠᠨ ᠤ ᠳᠠᠷᠠᠭ᠎ᠠ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠯᠠᠷ ᠤᠨ ᠬᠤᠪᠢᠶᠠᠷᠢ ᠲᠣᠪᠴᠢᠶ᠎ᠠ ᠰᠤᠷᠤᠯᠴᠠᠨ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠪᠠ᠃ ᠵᠧᠩ ᠶᠠᠩ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠶᠣᠣ ᡁᠢ ᠸᠧᠨ ᠬᠡᠯᠡᠬᠦ ᠳᠡᠭᠡᠨ᠂ ︽ᠰᠠᠨᠠᠯ︾ ᠢ ᠨᠠᠷᠢᠨ ᠬᠢᠨᠠᠮᠠᠭᠠᠢ ᠰᠤᠷᠤᠯᠴᠠᠬᠤ ᠪᠠᠷ ᠳᠡᠮᠵᠢᠨ᠂ ᠡᠭᠦᠷᠭᠡ ᠬᠠᠷᠢᠭᠤᠴᠠᠯᠭ᠎ᠠ ᠬᠦᠨᠳᠦ ᠭᠡᠳᠡᠭ ᠢ ᠭᠦᠨ ᠣᠶᠢᠯᠠᠭᠠᠪᠠ᠃ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠤᠬᠠᠮᠰᠠᠷ ᠠᠴᠠ ᠪᠠᠨ ︽ᠰᠠᠨᠠᠯ︾ ᠤᠨ ᠱᠠᠭᠠᠷᠳᠠᠯᠭ᠎ᠠ ᠶᠢ ᠠᠵᠢᠯ ᠤᠨ ᠢᠶᠠᠨ ᠴᠢᠬᠤᠯᠠ ᠵᠢᠯᠣᠭᠤᠳᠤᠮᠵᠢ ᠪᠤᠯᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠵᠡᠷᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠵᠦ᠂ ︽ᠬᠤᠶᠠᠷ ᠠᠩᠭᠢ ᠨᠢᠭᠡ ᠲᠠᠰᠤᠭ︾ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠯᠥᠨ ᠪᠤᠶᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃    ︽ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠵᠣᠯ ᠵᠢᠷᠭᠠᠯᠲᠤ ᠠᠶᠢᠯ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ︿ᠰᠠᠨᠠᠯ﹀ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︿ᠲᠠᠪᠤᠨ ᠨᠡᠶᠢᠭᠡᠮ ᠬᠤᠯᠪᠤᠭᠠᠯᠠᠨ ᠬᠥᠳᠡᠯᠦᠯᠴᠡᠬᠦ﹀ ᠠᠵᠢᠯ ᠤᠨ ᠲᠣᠭᠲᠠᠴᠠ ᠶᠢ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠡᠬᠢ ᠪᠠᠶᠠᠯᠢᠭ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠲᠣᠭᠤᠷᠢᠭ ᠤᠨ ᠤᠯᠠᠨ ᠲᠦᠮᠡᠨ ᠵᠡᠷᠭᠡ ᠶᠢ ᠵᠣᠯᠭᠠᠭᠤᠯᠬᠤ ᠬᠥᠭᠦᠷᠭᠡ ᠶᠢ ᠪᠠᠶᠢᠭᠤᠯᠤᠨ᠎ᠠ﹀ ᠭᠡᠵᠦ ᠬᠠᠶᠢᠯᠠᠷ ᠲᠣᠭᠤᠷᠢᠭ ᠤᠨ ᠵᠣᠯ ᠵᠢᠷᠭᠠᠯᠲᠤ ᠠᠶᠢᠯ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠠᠤᠯᠢ ᠶᠢᠨ ᠡᠷᠬᠡᠲᠡᠨ ᠯᠢ ᠴᠦᠨ ᠮᠧᠢ ᠬᠡᠯᠡᠵᠦ ᠪᠠᠶᠢᠯ᠎ᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ