ᠵᠠᠯᠠᠨ ᠠᠶᠢᠯ ᠬᠤᠲᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ 11 ᠰᠠᠷ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ︽ᠮᠢᠨᠦ ᠠᠵᠢᠯ ᠬᠢᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠶᠠᠷᠢᠯᠴᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/28
    ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ‌‍ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ 23 ᠤ ᠡᠳᠦᠷ᠂ ᠬᠤᠳᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠶᠢᠨ ᠬᠢᠨ ᠭᠤᠣᠯ ᠰᠡᠳᠦᠪᠲᠦ ᠨᠠᠮ ᠤᠨ ᠡᠳᠦᠷ ᠤᠨ ︽ᠮᠢᠨᠦ ᠠᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾ ᠶᠠᠷᠢᠯᠴᠠᠬᠤ ᠠᠵᠢᠯᠯᠠᠭ᠎ᠠ ᠥᠷᠨᠢᠭᠦᠯᠵᠡᠢ᠃     ᠠᠵᠢᠯᠯᠠᠭ᠎ᠠ ᠶᠢᠨ ᠭᠤᠣᠯᠳᠠᠯᠭ᠎ᠠ ᠲᠠᠢ ︽  ᠬᠤᠪᠢ ᠬᠥᠮᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤᠮᠳᠠ ᠶᠠᠮᠠᠷ ᠶᠠᠮᠠᠷ ᠡᠭᠦᠷᠭᠡ ᠶᠢ ᠡᠭᠦᠷᠭᠡᠯᠡᠬᠦ ᠪᠤᠢ︾ ᠪᠠ ︽  ᠬᠤᠪᠢ ᠪᠡᠶ᠎ᠡ ᠶᠢᠨ ᠠᠵᠢᠯ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠢ ᠬᠡᠷᠬᠢᠨ ᠪᠠᠲᠤᠯᠠᠬᠤ ᠪᠤᠢ︾ ᠭᠡᠬᠦ ᠬᠤᠶᠠᠷ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠠᠢ᠃      ᠬᠤᠲᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠶᠢᠨ ᠨᠠᠮ ᠤᠨ ᠭᠡᠰᠢᠭᠦᠨ ᠺᠠᠲᠡᠷᠴᠤᠳ ᠥᠪᠡᠷ ᠤᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ᠂ ᠠᠵᠢᠯ ᠤᠨ ᠠᠷᠭ᠎ᠠ ᠬᠡᠮᠵᠢᠶ᠎ᠡ ᠪᠠᠨ ᠶᠠᠷᠢᠯᠴᠠᠵᠤ᠂ ᠠᠵᠢᠯ ᠤᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ᠂ ᠶᠠᠷᠢᠯᠴᠠᠭᠠᠨ ᠤ ᠳᠤᠮᠳᠠ ᠬᠠᠷᠢᠯᠴᠠᠨ ᠰᠡᠩᠬᠡᠷᠡᠭᠦᠯᠵᠦ᠂ ᠬᠠᠷᠢᠯᠴᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠦᠨᠵᠡᠭᠡᠶ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠤᠯᠠᠮ ᠨᠢᠭᠡ ᠠᠯᠬᠤᠮ ᠨᠠᠩ ᠭᠦᠨᠵᠡᠭᠡᠶ ᠲᠠᠨᠢᠯᠲᠠ ᠲᠠᠢ ᠪᠣᠯᠵᠠᠶ᠃     ᠬᠤᠶᠢᠰᠢᠳᠠ ᠶᠢᠨ ᠠᠵᠢᠯ ᠳᠤᠮᠳᠠ᠂ ᠬᠤᠳᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠶᠢᠨ ᠨᠠᠮ ᠤᠨ ᠭᠡᠰᠢᠭᠦᠨ  ᠺᠠᠲᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠ ᠲᠠᠮᠢᠷ ᠤᠨ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠭᠦᠨᠵᠡᠭᠡᠢ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠢ ᠡᠷᠡᠰ ᠭᠤᠶᠢᠪᠢᠰᠢ ᠦᠭᠡᠢ ᠪᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ