ᠰᠢᠪᠠᠳᠡᠨ ᠵᠢᠯᠤᠭᠤᠳᠨ ᠦᠨᠡᠯᠡᠨ  ᠵᠢᠱᠢᠵᠦ ᠬᠦᠭᠵᠢᠯᠲᠡ ᠶᠢ ᠠᠬᠢᠭᠤᠯᠤᠨ ᠰᠢᠨ᠎ᠡ ᠬᠠᠭᠤᠳᠠᠰᠤ ᠶᠢ ᠡᠷᠯᠭᠡᠭᠯᠡᠨ ᠪᠢᠴᠢᠭᠯᠡᠪᠡ — ᠵᠠᠯᠡᠨ ᠠᠶᠢᠯ ᠬᠤᠳᠠ ᠶᠢᠨ ᠴᠢᠩᠭᠢᠰ ᠬᠠᠭᠠᠨ ᠪᠠᠯᠭᠠᠰᠤᠨ ᠤᠨ ᠳᠤᠮᠳᠠᠲᠤ ᠰᠤᠷᠭᠠᠭᠤᠯᠢ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠰᠢᠪᠠᠳᠡᠨ ᠵᠢᠯᠤᠭᠤᠳᠨ ᠦᠨᠡᠯᠡᠨ ᠵᠢᠱᠢᠯᠡᠯᠲᠡ ᠶᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2023/11/28
    ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠣᠭᠤᠳᠴᠤ ᠦᠨᠡᠯᠡᠨ ᠵᠢᠱᠢᠬᠦ ᠭᠤᠷᠪᠠᠳᠤᠭᠠᠷ ᠳᠤᠭᠤᠶᠢᠯᠠᠩ ᠤᠨ ᠵᠢᠷᠭᠤᠭᠠᠨ ᠬᠥᠮᠦᠨ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠫᠠᠨ ᠰᠢᠤ ᠬᠤᠸᠠ ᠶᠢᠨ ᠳᠠᠭᠠᠭᠤᠯᠭ᠎ᠠ ᠳᠣᠤᠷ᠎ᠠ᠂ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ ᠳᠤᠮᠳᠠᠲᠤ ᠰᠤᠷᠭᠠᠭᠤᠯᠢ ᠳᠤ ᠬᠦᠷᠴᠦ 2023 ᠣᠨ ᠤ ᠵᠢᠯ ᠤᠨ ᠡᠴᠦᠰ ᠤᠨ ᠬᠢᠨᠠᠨ ᠰᠢᠯᠭᠠᠵᠤ ᠪᠠᠶᠢᠴᠠᠭᠠᠬᠤ ᠠᠵᠢᠯ ᠢ ᠥᠷᠨᠢᠭᠦᠯᠪᠡ᠃      ᠲᠣᠰ ᠤᠳᠠᠭᠠᠨ ᠤ ᠰᠢᠪᠠᠳᠠᠨ ᠵᠢᠯᠣᠭᠤᠳᠴᠤ ᠦᠨᠡᠯᠡᠨ ᠵᠢᠱᠢᠬᠦ ᠳᠤ ︽ᠵᠠᠯᠠᠨ ᠠᠶᠢᠯ ᠬᠤᠲᠠ ᠶᠢᠨ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠤᠤᠯᠳᠠᠯᠭ᠎ᠠ ᠲᠠᠢ ᠠᠵᠢᠯ ᠤᠨ ᠰᠢᠪᠠᠳᠠᠨ ᠵᠢᠯᠣᠭᠤᠳᠴᠤ ᠦᠨᠡᠯᠡᠨ ᠵᠢᠱᠢᠬᠦ  ᠭᠦᠢᠴᠡᠳᠭᠡᠯ ᠲᠣᠭᠠᠨ ᠤ ᠰᠢᠰᠲ᠋ᠧᠮ︾ ᠤᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠵᠠᠬᠢᠷᠤᠯ ᠬᠠᠷᠢᠭᠤ ᠮᠡᠳᠡᠭᠦᠯᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂  ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠎ᠠ᠃     ᠰᠤᠷᠭᠠᠭᠤᠯᠢ ᠶᠢᠨ ᠵᠠᠬᠢᠷᠤᠯ ᠰᠦᠨ ᠫᠢᠩ 2023 ᠣᠨ ᠠᠴᠠ ᠨᠠᠰᠢᠬᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠤᠨ ᠲᠤᠬᠠᠢ ᠨᠠᠷᠢᠨ ᠪᠣᠳᠠᠲᠠᠢ ᠬᠠᠷᠢᠭᠤ ᠮᠡᠳᠡᠭᠦᠯᠦᠯᠲᠡ ᠬᠢᠵᠦ᠂ ᠬᠠᠷᠢᠭᠤ ᠮᠡᠳᠡᠭᠦᠯᠦᠯᠲᠡ ᠳᠤ ᠲᠤᠰ ᠲᠤᠰ ᠰᠤᠷᠭᠠᠭᠤᠯᠢ ᠶᠢᠨ ᠦᠨᠳᠦᠰᠦᠨ ᠪᠠᠶᠢᠳᠠᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠠᠵᠢᠯ ᠤᠨ ᠳᠤᠮᠳᠠᠬᠢ ᠬᠢᠯᠠᠰ ᠴᠡᠭ᠂ ᠣᠷᠣᠰᠢᠵᠤ ᠪᠠᠶᠢᠭ᠎ᠠ ᠠᠰᠠᠭᠤᠳᠠᠯ᠂ ᠬᠤᠶᠢᠰᠢᠳᠠ ᠶᠢᠨ ᠴᠢᠷᠮᠠᠶᠢᠬᠤ ᠴᠢᠭᠯᠡᠯ ᠵᠡᠷᠭᠡ ᠲᠠᠯ᠎ᠠ ᠪᠠᠷ ᠲᠣᠳᠣᠷᠬᠠᠶᠢᠯᠠᠨ ᠥᠭᠦᠯᠡᠪᠡ᠃     ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠨᠢ ᠠᠵᠢᠯᠲᠠᠨ ᠤ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠲᠣᠰ ᠲᠣᠰ ᠬᠢᠴᠢᠶᠡᠯ ᠤᠨ ᠪᠠᠶᠢᠷᠢᠯᠠᠭᠤᠯᠤᠯᠲᠠ᠂ ᠰᠤᠷᠭᠠᠭᠤᠯᠢ ᠡᠷᠭᠢᠯᠡᠬᠦ ᠠᠵᠢᠯᠯᠠᠭ᠎ᠠ᠂ ᠵᠢᠭᠠᠨ ᠰᠤᠷᠭᠠᠯᠲᠠ ᠶᠢᠨ ᠡᠩ ᠤᠨ ᠬᠠᠮᠢᠶᠠᠷᠤᠯᠲᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ᠂ ᠪᠠᠭᠰᠢ ᠰᠣᠷᠣᠭᠴᠢ ᠶᠢᠨ ᠦᠨᠡᠯᠡᠯᠲᠡ᠂ ᠶᠡᠷᠦᠩᠬᠡᠶᠢᠯᠡᠭᠰᠡᠨ  ᠦᠢᠯᠡᠳᠦᠯᠭᠡ ᠶᠢᠨ ᠠᠵᠢᠯᠯᠠᠭ᠎ᠠ᠂ ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠪᠠᠶᠢᠭᠤᠯᠤᠯᠲᠠ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ᠂ ᠭᠤᠸ᠎ᠠ ᠰᠠᠶᠢᠬᠠᠨ ᠤ ᠬᠥᠮᠦᠵᠢᠯ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ᠂ ᠪᠠᠭᠰᠢ ᠶᠢᠨ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠮᠡᠷᠭᠡᠵᠢᠯ ᠤᠨ ᠲᠣᠨᠣᠭᠯᠠᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠠᠷᠤ ᠲᠠᠯ᠎ᠠ ᠶᠢᠨ  ᠦᠢᠯᠡᠴᠢᠯᠡᠭᠡᠨ ᠤ ᠬᠠᠮᠢᠶᠠᠷᠤᠯᠲᠠ᠂ ᠰᠤᠷᠭᠠᠭᠤᠯᠢ ᠶᠢᠨ ᠣᠨᠴᠠᠯᠢᠭ ᠵᠡᠷᠭᠡ ᠬᠡᠰᠡᠭ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ