ᠰᠢᠳᠦ ᠬᠢᠯᠭᠡᠬᠦ ᠪᠦᠬᠦ ᠵᠠᠷᠤᠳᠠᠯ ᠢ ᠳᠤᠮᠳᠠᠴᠢ ᠪᠠᠷ 1.5 ᠲᠦᠮᠡᠨ ᠲᠥᠭᠦᠷᠢᠭ ᠪᠠᠶᠢᠭᠰᠠᠨ ᠠᠴᠠ 6000 - 7000 ᠲᠥᠭᠦᠷᠢᠭ ᠣᠷᠴᠢᠮ ᠪᠣᠯᠭᠠᠨ ᠬᠢᠮᠳᠠᠷᠠᠭᠤᠯᠵᠠᠢ
ᠨᠡᠶᠢᠲᠡᠯᠡᠭᠰᠡᠨ ᠴᠠᠭ᠄
2023/11/28
    ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 9 ᠰᠠᠷ᠎ᠠ ᠶᠢᠨ 22 ᠤᠨ ᠡᠳᠦᠷ 2023 ᠣᠨ ᠤ ᠲᠤᠤᠷᠠᠳᠤ ᠬᠠᠭᠠᠰ ᠵᠢᠯ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠲᠣᠰ ᠬᠤᠭᠤᠴᠠᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ᠂ ᠡᠮᠴᠢᠯᠡᠭᠡᠨ ᠤ ᠳᠠᠭᠠᠳᠬᠠᠯ ᠤᠨ ᠴᠢᠬᠤᠯᠠ ᠶᠡᠭᠡ ᠥᠭᠡᠷᠡᠴᠢᠯᠡᠯᠲᠡ ᠵᠢᠴᠢ ᠭᠤᠤᠯᠳᠠᠯᠭ᠎ᠠ ᠲᠠᠢ ᠠᠵᠢᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃    ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠵᠤᠷᠭᠠᠨ ᠤ ᠳᠡᠳ᠋ ᠳᠠᠷᠤᠭ᠎ᠠ ᠸᠠᠩ ᠭᠦᠸᠧ ᠳ᠋ᠦᠩ ᠬᠡᠯᠡᠬᠦ ᠳᠡᠭᠡᠨ᠂ ᠠᠮᠠᠨ ᠬᠥᠨᠳᠡᠶ ᠶᠢᠨ ᠵᠠᠰᠠᠯ ᠪᠣᠯ ᠤᠶᠢᠴᠢᠬᠰᠠᠨ ᠪᠤᠶᠤ ᠬᠡᠯᠳᠡᠷᠡᠭᠰᠡᠨ ᠰᠢᠳᠦ ᠶᠢ ᠨᠢ ᠨᠦᠬᠦᠵᠦ ᠵᠠᠰᠠᠬᠤ ᠶᠢᠨ ᠨᠢᠭᠡᠨ ᠴᠢᠬᠤᠯᠠ ᠠᠷᠭ᠎ᠠ ᠬᠡᠯᠪᠡᠷᠢ ᠮᠥᠨ᠂ ᠣᠷᠳᠣ ᠬᠤᠭᠤᠴᠠᠭᠠᠨ ᠤ ᠲᠤᠷᠰᠢ᠂ ᠰᠢᠳᠦ ᠵᠠᠰᠠᠬᠤ ᠵᠠᠷᠤᠳᠠᠯ ᠤᠨ ᠳᠠᠷᠤᠭᠠᠰᠤ ᠬᠦᠨᠳᠦ ︵ᠭᠠᠭᠴᠠ ᠰᠢᠳᠦ ᠳᠤᠮᠳᠠᠴᠢ ᠪᠠᠷ 1.5 ᠲᠦᠮᠡᠨ ᠲᠥᠭᠦᠷᠢᠭ ᠪᠠᠶᠢᠪᠠ︶ ᠨᠢ ᠠᠷᠠᠳ ᠤᠨ ᠠᠮᠢᠳᠤᠷᠠᠯ ᠤᠨ ᠵᠣᠪᠠᠭᠤᠷᠢ ᠶᠢᠨ ᠨᠢᠭᠡ ᠪᠤᠯᠪᠠ᠃ ᠰᠢᠳᠦ ᠬᠢᠯᠭᠡᠬᠦ ᠱᠠᠭᠠᠷᠳᠠᠯᠭ᠎ᠠ ᠲᠠᠢ ᠣᠯᠠᠨ ᠲᠦᠮᠡᠨ ᠳᠤ ᠴᠢᠨᠠᠷ ᠰᠠᠶᠢᠲᠠᠶ᠂ ᠡᠭᠦᠷᠭᠡᠯᠡᠵᠦ ᠳᠡᠶᠢᠯᠬᠦ ᠰᠢᠳᠦ ᠶᠢ ᠨᠦᠬᠦᠵᠦ ᠵᠠᠰᠠᠬᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠠᠮᠠᠨ ᠬᠥᠨᠳᠡᠶ ᠶᠢᠨ ᠰᠢᠳᠦᠨ ᠵᠠᠰᠠᠯ ᠤᠨ ᠡᠮᠴᠢᠯᠡᠭᠡᠨ ᠤ ᠦᠢᠯᠡᠴᠢᠯᠡᠭᠡ ᠪᠠ ᠬᠤᠷᠣᠭᠳᠠᠯ ᠮᠠᠲ᠋ᠧᠷᠢᠶᠠᠯ ᠤᠨ ᠲᠤᠰᠬᠠᠶ ᠵᠠᠰᠠᠯᠲᠠ ᠶᠢ ᠪᠥᠬᠦ ᠲᠠᠯ᠎ᠠ ᠪᠠᠷ ᠥᠷᠨᠢᠭᠦᠯᠪᠡ ᠬᠡᠵᠡᠢ᠃ ᠸᠠᠩ ᠭᠦᠸᠧ ᠳ᠋ᠦᠩ ᠲᠠᠨᠢᠯᠴᠠᠭᠤᠯᠬᠤ ᠳᠠᠭᠠᠨ᠂ ᠨᠢᠳᠤᠨᠤᠨ ᠤ 9 ᠰᠠᠷ᠎ᠠ ᠳᠤ ︽ᠠᠮᠠᠨ ᠬᠥᠨᠳᠡᠶ ᠶᠢᠨ ᠰᠢᠳᠦᠨ ᠵᠠᠰᠠᠯ ᠤᠨ ᠡᠮᠴᠢᠯᠡᠭᠡᠨ ᠤ ᠦᠢᠯᠡᠴᠢᠯᠡᠭᠡ ᠶᠢᠨ ᠰᠦᠢᠳᠭᠡᠯ ᠪᠠ ᠬᠤᠷᠣᠭᠳᠠᠯ ᠮᠠᠲ᠋ᠧᠷᠢᠶᠠᠯ ᠢ ᠲᠤᠰᠬᠠᠶ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃    ᠠᠮᠠᠨ ᠬᠥᠨᠳᠡᠶ ᠬᠥᠨᠳᠡᠶ ᠶᠢᠨ ᠰᠢᠳᠦᠨ ᠵᠠᠰᠠᠯ ᠤᠨ ᠵᠠᠷᠤᠳᠠᠯ ᠢ ᠡᠮᠴᠢᠯᠡᠭᠡᠨ ᠤ ᠦᠢᠯᠡᠴᠢᠯᠡᠭᠡ᠂ ᠬᠢᠮᠡᠯ ᠰᠢᠳᠦ ᠪᠠ ᠰᠢᠳᠦᠨ ᠤ ᠲᠤᠬᠳᠤᠢ ᠭᠡᠵᠦ ᠭᠤᠷᠪᠠᠨ ᠬᠡᠰᠡᠭ ᠬᠤᠪᠢᠶᠠᠬᠤ ᠶᠢᠨ ᠬᠠᠮᠲᠤ ᠠᠮᠠᠨ ᠬᠥᠨᠳᠡᠶ ᠶᠢᠨ ᠰᠢᠳᠦᠨ ᠵᠠᠰᠠᠯ ᠤᠨ ᠡᠮᠴᠢᠯᠡᠭᠡᠨ ᠤ ᠦᠢᠯᠡᠴᠢᠯᠡᠭᠡ ᠪᠠ ᠬᠤᠷᠣᠭᠳᠠᠯ ᠮᠠᠲ᠋ᠧᠷᠢᠶᠠᠯ ᠠᠴᠠ ᠰᠦᠢᠳᠭᠡᠯ ᠬᠤᠷᠢᠶᠠᠬᠤ ᠠᠷᠭ᠎ᠠ ᠮᠠᠶ᠋ᠢᠭ ᠢ ᠵᠢᠷᠤᠮᠵᠢᠭᠤᠯᠤᠨ᠎ᠠ ᠭᠡᠵᠦ ᠲᠣᠳᠣᠷᠬᠠᠶ ᠲᠣᠭᠲᠠᠭᠠᠪᠠ᠃    ᠰᠢᠳᠦ ᠬᠢᠯᠭᠡᠬᠦ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠳᠤ ᠴᠢᠭᠯᠡᠭᠦᠯᠦᠨ᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠩ ᠤᠨ ᠰᠢᠳᠦ ᠬᠢᠯᠭᠡᠬᠦ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠳᠣᠭᠢᠷᠠᠭᠤᠯᠤᠨ ᠡᠵᠡᠮᠳᠡᠬᠦ ᠬᠠᠷᠠᠯᠲᠠ ᠶᠢ 4500 ᠲᠥᠭᠦᠷᠢᠭ ᠣᠷᠴᠢᠮ ᠢᠶᠠᠷ ᠲᠣᠭᠲᠠᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠂ ᠡᠭᠦᠨ ᠳᠤ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ᠂ ᠠᠮᠢᠳᠤ ᠪᠣᠳᠠᠰ ᠤᠨ ᠬᠢᠮᠢ ᠶᠢᠨ ᠰᠢᠯᠭᠠᠨ ᠪᠠᠶᠢᠴᠠᠭᠠᠯᠲᠠ ᠪᠠ ᠵᠢᠷᠤᠭ ᠳᠦᠷᠰᠦ ᠶᠢᠨ ᠪᠠᠶᠢᠴᠠᠭᠠᠯᠲᠠ᠂ ᠬᠢᠮᠡᠯ ᠰᠢᠳᠦ ᠬᠠᠳᠬᠤᠵᠤ ᠣᠷᠣᠭᠤᠯᠬᠤ᠂ ᠰᠢᠳᠦᠨ ᠲᠤᠬᠳᠤᠢ ᠤᠬᠯᠠᠬᠤ ᠵᠡᠷᠭᠡ ᠪᠥᠬᠦ ᠵᠠᠷᠤᠳᠠᠯ ᠢ ᠪᠠᠭᠲᠠᠭᠠᠵᠠᠶ ᠬᠪᠡ᠃    ︽ᠡᠨᠡ ᠵᠢᠯ ᠤᠨ 4 ᠰᠠᠷ᠎ᠠ ᠶᠢᠨ ᠰᠡᠭᠦᠯᠴᠢ 5 ᠰᠠᠷ᠎ᠠ ᠶᠢᠨ ᠡᠬᠢ ᠪᠠᠷ᠂ ᠡᠯ᠎ᠡ ᠭᠠᠵᠠᠷ ᠤᠨ ᠬᠢᠨ ᠨᠢᠭᠡᠨᠲᠡ ᠡᠯ᠎ᠡ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠵᠤ᠂ ᠰᠢᠳᠦ ᠬᠢᠯᠭᠡᠬᠦ ᠪᠦᠬᠦ ᠵᠠᠷᠤᠳᠠᠯ ᠢ ᠳᠤᠮᠳᠠᠴᠢ ᠪᠠᠷ 1.5 ᠲᠦᠮᠡᠨ ᠲᠥᠭᠦᠷᠢᠭ ᠪᠠᠶᠢᠭᠰᠠᠨ ᠠᠴᠠ 6000 - 7000 ᠲᠥᠭᠦᠷᠢᠭ ᠣᠷᠴᠢᠮ ᠪᠣᠯᠭᠠᠨ ᠬᠢᠮᠳᠠᠷᠠᠭᠤᠯᠵᠠᠢ︾ ᠭᠡᠵᠦ ᠸᠠᠩ ᠭᠦᠸᠧ ᠳ᠋ᠦᠩ ᠬᠡᠯᠡᠪᠡ᠃    
ᠢᠷᠡᠯᠲᠡ᠄ ᠠᠷᠠᠳ ᠤᠨ ᠮᠣᠩᠭᠤᠯ ᠰᠦᠯᠵᠢᠶ᠎ᠡ