1. ᠲᠦᠳᠡ ᠵᠠᠮ ᠭᠡᠳᠡᠭ ᠨᠢ ᠶᠡᠷᠦ ᠳᠡᠭᠡᠨ ᠬᠤᠯᠠ ᠶᠢᠨ ᠵᠠᠮ ᠢ ᠳᠥᠲᠡᠯᠡᠵᠤ ᠶᠠᠪᠤᠬᠤ ᠶᠢ ᠬᠡᠯᠡᠨ᠎ᠡ᠃ | ᠭᠡᠬᠦ ᠳᠤ ᠵᠠᠪᠰᠢᠨ ᠳᠠᠯᠢᠮᠳᠠᠭᠤᠯᠵᠤ ᠶᠠᠪᠤᠭᠰᠠᠨ ᠲᠦᠳᠡ ᠵᠠᠮ ᠨᠢᠭᠡᠪᠦᠷᠢ ᠨᠢ ᠲᠣᠭᠤᠷᠢᠭᠤ ᠵᠠᠮ ᠪᠠᠶᠢᠭᠰᠠᠨ ᠭᠡᠳᠡᠭ ᠢ ᠬᠥᠮᠥᠰ ᠬᠤᠵᠢᠮ ᠨᠢ ᠰᠡᠷᠡᠵᠦ ᠮᠡᠳᠡᠳᠡᠭ᠃ | ᠵᠠᠪᠰᠢᠨ ᠳᠠᠯᠢᠮᠳᠠᠭᠤᠯᠳᠠᠭ ᠬᠥᠮᠦᠨ ᠰᠢᠯᠢᠳᠡᠭ ᠬᠦᠮᠦᠨ ᠪᠣᠯᠵᠤ ᠴᠢᠳᠠᠬᠤ ᠦᠭᠡᠢ᠂ ᠬᠠᠷᠢᠨ ᠬᠠᠯᠠᠰᠢᠷᠠᠯ ᠦᠭᠡᠢ ᠵᠢᠳᠬᠦᠳᠡᠭ ᠬᠦᠮᠦᠨ ᠯᠡ ᠰᠠᠶ᠋ᠢ ᠰᠢᠯᠢᠳᠡᠭ ᠬᠦᠮᠦᠨ | ᠪᠣᠯᠵᠤ ᠴᠢᠳᠠᠨ᠎ᠠ᠃ | 2. ᠰᠢᠷᠭᠠᠭᠤ ᠴᠢᠷᠮᠠᠶᠢᠯᠭ᠎ᠠ ᠭᠠᠷᠭᠠᠪᠠᠯ ᠰᠠᠶ᠋ᠢ ᠵᠢᠩᠬᠢᠨᠢ ᠡᠷᠳᠡᠮ ᠲᠠᠢ ᠪᠣᠯᠵᠤ ᠴᠢᠳᠠᠨ᠎ᠠ | ᠶᠠᠮᠠᠷᠪᠠ ᠬᠡᠷᠡᠭ ᠶᠠᠪᠤᠳᠠᠯ ᠳᠤ ᠴᠥᠮ ᠬᠠᠲᠠᠭᠤᠵᠢᠯ ᠴᠢᠬᠤᠯᠠ ᠲᠠᠢ᠂ ᠶᠡᠭᠡ ᠶᠢ ᠦᠵᠡᠵᠦ᠂ ᠬᠠᠯᠠᠰᠢᠷᠠᠯ ᠦᠭᠡᠢ ᠴᠢᠷᠮᠠᠶᠢᠯᠭ᠎ᠠ ᠭᠠᠷᠭᠠᠭᠰᠠᠨ ᠬᠦᠮᠦᠨ ᠠᠵᠢᠯ | ᠶᠠᠪᠤᠳᠠᠯ ᠢ ᠠᠶᠠᠨᠳᠠᠭᠠᠨ ᠪᠦᠲᠦᠭᠡᠵᠤ ᠴᠢᠳᠠᠨ᠎ᠠ᠃ ᠰᠡᠷᠭᠦᠯᠡᠩ ᠬᠥᠮᠦᠨ ᠬᠠᠯᠠᠰᠢᠷᠠᠯ ᠦᠭᠡᠢ ᠵᠢᠳᠬᠦᠬᠦ ᠪᠠᠨ ᠮᠡᠳᠡᠨ᠎ᠡ᠂ ᠰᠢᠷᠭᠠᠭᠤ ᠴᠢᠷᠮᠠᠶᠢᠯᠭ᠎ᠠ ᠭᠠᠷᠭᠠᠬᠤ ᠶᠢ | ᠮᠡᠳᠡᠳᠡᠭ ᠬᠥᠮᠦᠨ᠂ ᠵᠢᠩᠬᠢᠨᠢ ᠡᠷᠳᠡᠮ ᠲᠠᠢ ᠪᠣᠯᠵᠤ ᠴᠢᠳᠠᠨ᠎ᠠ᠃ | 3. ᠠᠩᠬᠠᠷᠤᠯ ᠢᠶᠠᠨ ᠲᠥᠪᠯᠡᠷᠡᠭᠦᠯᠦᠨ ᠠᠵᠢᠯ ᠬᠢᠬᠦ ᠪᠣᠯ ᠰᠠᠶ᠋ᠢ ᠵᠢᠩᠬᠢᠨᠢ ᠲᠦᠳᠡ ᠵᠠᠮ ᠮᠥᠨ | ᠬᠥᠮᠦᠨ ᠪᠣᠯᠭᠠᠨ ᠤ ᠴᠠᠭ ᠪᠠ ᠬᠦᠴᠦ ᠨᠢ ᠪᠦᠷ ᠬᠢᠵᠠᠭᠠᠷ ᠲᠠᠢ ᠪᠠᠶᠢᠳᠠᠭ᠂ ᠵᠢᠩᠬᠢᠨᠢ ᠴᠢᠳᠠᠮᠠᠭᠠᠢ ᠬᠦᠮᠦᠰ ᠶᠡᠭᠡ ᠶᠢ ᠬᠥᠭᠡᠭᠡᠴᠡᠯᠳᠦᠬᠦ ᠦᠭᠡᠢ ᠪᠣᠯᠪᠠᠴᠤ | ᠨᠠᠷᠢᠯᠢᠭ ᠪᠠᠶᠢᠬᠤ ᠶᠢ ᠬᠥᠭᠡᠭᠡᠴᠡᠯᠳᠦᠳᠡᠭ᠃ ᠶᠠᠮᠠᠷ ᠨᠢᠭᠡᠨ ᠴᠠᠷ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠠᠭᠠᠨ ᠳᠠᠭᠠᠭᠠᠮᠠᠭᠠᠶ ᠪᠠᠷᠢᠮᠲᠠᠯᠠᠨ᠂ ᠠᠯᠬᠤᠮ | ᠲᠠᠷᠠᠭ᠎ᠠ ᠲᠠᠢ ᠪᠠᠷ ᠤᠷᠤᠭᠰᠢᠯᠠᠵᠤ᠂ ᠲᠤᠷᠰᠢᠯᠭ᠎ᠠ ᠬᠤᠷᠠᠮᠳᠤᠭᠤᠯᠵᠤ᠂ ᠴᠢᠳᠠᠪᠤᠷᠢ ᠪᠠᠨ ᠨᠡᠮᠡᠭᠳᠡᠭᠦᠯᠪᠡᠯ ᠰᠠᠶ᠋ᠢ ᠵᠢᠩᠬᠢᠨᠢ ᠪᠠᠷ ᠳᠡᠭᠡᠭᠰᠢᠯᠡᠵᠦ ᠴᠢᠳᠠᠨ᠎ᠠ᠃ ᠯᠠᠪᠳᠠᠭᠤᠨ | ᠲᠣᠭᠲᠠᠭᠤᠨ ᠪᠠᠶᠢᠵᠤ ᠴᠢᠳᠠᠬᠤ ᠪᠣᠯ ᠠᠮᠵᠢᠯᠲᠠ ᠳᠤ ᠬᠦᠷᠬᠦ ᠬᠠᠮᠤᠭ ᠤᠨ ᠲᠦᠳᠡ ᠵᠠᠮ ᠪᠣᠯᠤᠨ᠎ᠠ᠃ |