ᠴᠢᠩᠭᠢᠰ ᠬᠠᠭᠠᠨ ᠪᠠᠯᠭᠠᠰᠤ᠄ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/11/28
    ︽11.16︾ ᠤ ᠱᠠᠨᠳᠦ᠋ᠩ ᠤᠨ ᠯᠢᠦᠢ ᠯᠢᠶᠠᠩ ᠤᠨ ᠶᠦᠩ ᠵᠢᠤᠢ ᠨᠡᠭᠦᠷᠡᠰᠦᠨ ᠠᠭᠤᠷᠬᠠᠢ ᠶᠢᠨ ᠠᠯᠪᠠᠨ ᠠᠰᠠᠷ ᠤᠨ ᠭᠠᠯ ᠤᠨ ᠠᠶᠤᠯ ᠵᠢᠴᠢ ᠤᠢᠢᠷ᠎ᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠲᠠᠯᠠᠪᠠᠢ ᠣᠷᠳᠣᠨ ᠨᠤᠷᠠᠭᠰᠠᠨ ᠠᠮᠤᠷ ᠲᠦᠪᠰᠢᠨ ᠤ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠬᠤ ᠶᠢᠨ ᠲᠥᠯᠥᠭᠡ᠂ ︽ᠨᠢᠭᠡ ᠭᠠᠵᠠᠷ ᠲᠤ ᠭᠡᠮ ᠣᠷᠣᠰᠢᠵᠤ ᠪᠠᠶᠢᠪᠠᠯ ᠪᠦᠬᠦ ᠤᠯᠤᠰ ᠲᠤ ᠰᠡᠷᠡᠮᠵᠢ ᠥᠭᠬᠦ︾ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠣᠶᠢᠷ᠎ᠠ ᠳᠤ᠂ ᠴᠢᠩᠭᠢᠰ ᠬᠠᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠴᠢᠶᠠᠩ ᠪᠦᠯᠬᠦᠮ ᠳᠠᠭᠠᠭᠤᠯᠤᠨ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠭᠠᠵᠠᠷ᠂ ᠲᠣᠮᠢᠯᠠᠭᠰᠠᠨ ᠰᠠᠯᠪᠤᠷᠢ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠪᠠᠨ ᠬᠡᠪᠴᠢᠶᠡᠨ ᠳᠠᠬᠢ ᠪᠠᠷᠢᠯᠭ᠎ᠠ ᠶᠢᠨ ᠲᠥᠬᠦᠭᠡᠷᠦᠮᠵᠢ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠠᠮᠲᠤᠷᠠᠭᠰᠠᠨ ᠪᠠᠶᠢᠴᠠᠭᠠᠯᠲᠠ ᠬᠢᠵᠡᠶ᠃     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠠᠢ ᠶᠢᠦ ᠮᠠᠯ ᠠᠵᠤ ᠠᠬᠤᠢ᠂ ᠬᠢᠲᠠᠳ ᠡᠪᠡᠰᠦᠨ ᠡᠮ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠯᠴᠢ ᠬᠠᠩᠭᠠᠬᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ᠂ ᠠᠮᠢᠳᠤᠷᠠᠯ ᠤᠨ ᠲᠥᠬᠦᠭᠡᠷᠦᠮᠵᠢ ᠵᠢᠴᠢ ᠠᠯᠭᠠᠰᠠᠯ ᠳᠤᠮᠤ ᠪᠠᠷᠢᠯᠭ᠎ᠠ ᠶᠢᠨ ᠲᠥᠬᠦᠭᠡᠷᠦᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠯᠢ ᠴᠢᠶᠠᠩ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠢ ᠴᠠᠭ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠯᠠᠵᠤ᠂ ᠤᠯᠠᠭᠠᠨ ᠱᠤᠭᠤᠮ ᠤᠨ ᠤᠬᠠᠮᠰᠠᠷ ᠢ ᠪᠣᠶ ᠪᠣᠯᠭᠠᠵᠤ᠂ ᠠᠮᠤᠷ ᠲᠦᠪᠰᠢᠨ ᠤ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠ ᠬᠡᠮ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠷᠠᠭᠤᠯᠤᠨ᠂ ᠳᠠᠯᠳᠠ ᠬᠡᠮ ᠢ ᠴᠠᠭ ᠢᠮᠠᠭᠲᠠ ᠰᠡᠷᠭᠡᠶᠢᠯᠡᠵᠦ᠂ ᠠᠮᠤᠷ ᠲᠦᠪᠰᠢᠨ ᠤ ᠲᠠᠯ᠎ᠠ ᠪᠠᠷ ᠰᠠᠨᠠᠭ᠎ᠠ ᠠᠮᠤᠷ ᠪᠠᠶᠢᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ