ᠬᠠᠲᠦ ᠭᠤᠣᠯ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/11/28
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠳᠤ ᠭᠤᠣᠯ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠠᠩ ᠯᠢ ᠭᠦᠸᠧ ᠡᠷᠬᠢᠯᠡᠪᠡ᠃     ᠬᠤᠷᠠᠯ ᠳᠡᠭᠡᠷ᠎ᠡ᠂ ᠬᠠᠳᠤ ᠭᠤᠣᠯ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ᠂ ᠳᠡᠰ ᠳᠠᠷᠠᠭ᠎ᠠ ᠲᠠᠢ ᠪᠠᠷ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠤᠯᠠᠨ ᠢᠶᠠᠷ ᠢᠶᠠᠨ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠦᠨᠡᠨᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ︽ᠦᠨᠡᠨᠴᠢ ᠰᠡᠳᠬᠢᠯ︾ ᠢ ᠪᠠᠲᠤᠳᠬᠠᠵᠤ᠂ ︽ᠦᠨᠡᠨᠴᠢ ᠰᠡᠳᠬᠢᠯ︾ ᠢ ᠳᠠᠪᠲᠠᠨ ᠪᠣᠯᠪᠠᠰᠤᠷᠠᠭᠤᠯᠵᠤ᠂ ︽ᠠᠷᠠᠳ ᠤᠨ ᠲᠥᠯᠥᠭᠡ ᠵᠢᠳᠬᠦᠬᠦ ᠰᠡᠳᠬᠢᠯ︾ ᠢ ᠢᠮᠠᠭᠲᠠ ᠡᠪᠦᠷᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ ᠪᠠᠭ᠎ᠠ ᠠᠰᠠᠭᠤᠳᠠᠯ ᠠᠴᠠ ᠬᠦᠴᠦᠯᠡᠵᠦ᠂ ᠪᠠᠭ᠎ᠠ ᠠᠰᠠᠭᠤᠳᠠᠯ ᠠᠴᠠ ᠰᠢᠪᠲᠤᠯᠤᠯᠲᠠ ᠭᠠᠷᠭᠠᠬᠤ ᠳᠤ ᠴᠢᠳᠠᠮᠠᠭᠠᠢ ᠪᠠᠶᠢᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠡᠳᠦᠪ ᠢ ᠡᠪᠳᠡᠵᠦ᠂ ᠪᠣᠳᠠᠲᠤ ᠦᠷ᠎ᠡ ᠪᠦᠲᠦᠮᠵᠢ ᠪᠠᠷ ᠰᠡᠳᠦᠪ ᠢ ᠰᠢᠢᠳᠪᠦᠷᠢᠯᠡᠬᠦ ᠶᠢ ᠡᠷᠬᠢᠮᠯᠡᠵᠦ᠂ ︽ᠪᠠᠭ᠎ᠠ ᠠᠰᠠᠭᠤᠳᠠᠯ︾ ᠢ ᠣᠨᠣᠪᠴᠢᠲᠠᠢ ᠡᠷᠢᠵᠦ᠂ ᠶᠡᠭᠡ ᠵᠠᠰᠠᠯᠲᠠ ᠶᠢ ᠳᠠᠶᠢᠴᠢᠯᠠᠬᠤ ᠬᠡᠷᠡᠭᠲᠡᠢ᠃ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠲᠠᠢ᠂ ᠬᠦᠯ ᠳᠡᠭᠡᠨ ᠬᠦᠴᠦᠨ ᠲᠠᠢ ᠪᠠᠶᠢᠬᠤ ᠶᠢ ᠪᠡᠶᠡᠯᠡᠭᠦᠯᠵᠦ᠂ ᠬᠠᠳᠤ ᠭᠤᠣᠯ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠠᠰᠢᠭᠲᠠᠢ ᠰᠦᠪᠡᠭᠴᠢᠯᠡᠯᠳᠡ ᠬᠢᠵᠦ᠂ ᠨᠡᠩ ᠤᠯᠠᠨ ᠠᠮᠢᠳᠤᠯᠢᠭ ᠦᠢᠯᠡᠳᠦᠯᠭᠡ ᠶᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ     ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠵᠠᠪᠠᠯ ᠤᠩᠰᠢᠬᠤ ᠨᠣᠮ ᠤᠨ ᠭᠠᠷᠴᠠᠭ ᠢ ᠤᠯᠠᠮ ᠴᠢᠨᠠᠭᠰᠢᠳᠠ ᠭᠦᠨᠵᠡᠭᠡᠶ ᠰᠤᠷᠤᠯᠴᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠰᠢᠩᠭᠡᠭᠡᠨ ᠠᠪᠴᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠠᠰᠠᠭᠤᠳᠠᠯ ᠠᠴᠠ ᠡᠭᠦᠰᠴᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ᠂ ᠦᠨᠡᠨ ᠪᠣᠳᠠᠲᠠᠢ ᠠᠷᠭ᠎ᠠ  ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ