ᠳᠠᠭᠤᠷ ᠦᠨᠳᠦᠰᠦᠲᠡᠨ ᠤ ᠰᠢᠶᠠᠩ ︽ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠭᠡᠬᠦ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ
ᠨᠡᠶᠢᠲᠡᠯᠡᠭᠰᠡᠨ ᠴᠠᠭ᠄
2023/11/28
    ᠤᠢᠢᠷ᠎ᠠ ᠶᠢᠨ ᠡᠳᠦᠷ᠂ ᠳᠠᠭᠤᠷ ᠦᠨᠳᠦᠰᠦᠲᠡᠨ ᠤ ᠰᠢᠶᠠᠩ ︽  ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠭᠡᠬᠦ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃    ᠠᠵᠢᠯᠯᠠᠭ᠎ᠠ ᠶᠢᠨ ᠳᠤᠮᠳᠠ᠂ ᠡᠯ᠎ᠡ ᠲᠣᠰᠬᠤᠨ ᠤ ᠱᠦᠵᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠡᠭᠡ ᠮᠠᠭᠠᠳᠯᠠᠯᠲᠠ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠪᠠᠶᠠᠯᠢᠭ ᠠᠭᠤᠯᠤᠭᠳᠠᠬᠤᠨ ᠪᠣᠯᠤᠨ ᠴᠢᠬᠤᠯᠠ ᠶᠡᠭᠡ ᠪᠠᠶᠢᠷᠢᠯᠠᠭᠤᠯᠤᠯᠲᠠ ᠠᠴᠠ ᠭᠦᠨᠵᠡᠭᠡᠢ ᠰᠢᠰᠲ᠋ᠧᠮ ᠲᠠᠢ ᠲᠠᠶᠢᠯᠪᠤᠷᠢᠯᠠᠪᠠ᠃    ᠲᠣᠰ ᠤᠳᠠᠭᠠᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠡᠭᠦᠨ ᠢ ᠰᠣᠨᠣᠰᠤᠭᠠᠳ ᠭᠦᠨ ᠰᠡᠩᠬᠡᠷᠡᠭᠦᠯᠦᠯ ᠪᠠ ᠬᠥᠮᠦᠵᠢᠯ ᠭᠥᠷᠳᠡᠵᠦ᠂ ᠶᠡᠷᠦᠩᠬᠡᠶ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠭᠤᠤᠯ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ ᠭᠡᠵᠦ ᠢᠯᠡᠷᠬᠡᠶᠢᠯᠡᠵᠡᠶ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ