ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ  ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/6
2.jpg1.jpg   
     10 ᠰᠠᠷ᠎ᠠ ᠶᠢᠨ 31      ᠤ ᠡᠳᠦᠷ᠂ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠾᠦᠩ ᡁᠢ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᡁᠢ ᠭᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠡᠭᠦᠷᠭᠡᠯᠡᠬᠦ ᠡᠷᠬᠡ ᠣᠯᠭᠤᠬᠤ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ ᠢ ᠨᠡᠶᠢᠲᠡᠯᠡᠵᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂  ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠡᠯ᠎ᠡ  ᠵᠦᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠠᠵᠢᠯ ᠤᠨ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠰᠡᠳᠦᠪᠲᠦ ᠬᠥᠮᠦᠵᠢᠯ ᠢ ᠭᠤᠤᠯ ᠠᠵᠢᠯ ᠲᠠᠢ ᠨᠢᠭᠡᠳᠦᠯᠲᠡᠶ ᠲᠥᠯᠥᠪᠯᠡᠨ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠨᠠᠷᠢᠯᠢᠭ  ᠤᠨᠤᠪᠴᠢᠲᠠᠢ ᠪᠠᠷ ᠳᠥᠯᠭᠢᠨ ᠠᠬᠢᠭᠤᠯᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠠᠭᠳᠠᠨ ᠪᠠᠶᠢᠴᠠᠭᠠᠬᠤ ᠴᠢᠭᠯᠡᠯ ᠪᠣᠯᠤᠨ ᠭᠤᠣᠯᠳᠠᠯᠭ᠎ᠠ ᠪᠠᠨ ᠦᠨᠡᠨᠬᠦ ᠰᠠᠶᠢᠲᠤᠷ ᠡᠵᠡᠮᠳᠡᠵᠦ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠬᠢᠵᠢᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ︽ᠬᠥᠯᠥᠨ ᠪᠤᠶᠢᠷ ᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠬᠤᠳᠠ ᠶᠢ ᠪᠦᠳᠦᠬᠡᠨ ᠪᠠᠶᠢᠭᠤᠯᠬᠤ︾ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ