ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠶᠠᠩ ᠶᠢᠨ ᠰᠥᠩ ᠳ᠋ᠡ ᠾᠧ ᠸᠠᠨ ᠤ ᠨᠤᠸᠠᠨ ᠴᠢᠤᠸᠠᠨ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/11/6
yi.jpg   
 er.jpg
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ 11 ᠰᠠᠷ᠎ᠠ ᠶᠢᠨ 1      ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠯᠢᠶᠠᠩ ᠶᠢᠨ ᠰᠥᠩ ᠵᠡᠷᠭᠡ ᠬᠥᠮᠦᠰ ᠳ᠋ᠡ ᠾᠧ ᠸᠠᠨ ᠪᠠᠯᠭᠠᠰᠤᠨ ᠤ ᠨᠤᠸᠠᠨ ᠴᠢᠤᠸᠠᠨ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠰᠠᠨ ᠪᠥᠭᠡᠳ ᠨᠠᠮ ᠤᠨ ᠬᠢᠴᠢᠶᠡᠯ ᠵᠢᠭᠠᠵᠤ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠬᠤᠩ ᠪᠢᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠨᠤᠸᠠᠨ ᠴᠢᠤᠸᠠᠨ ᠲᠣᠰᠬᠤᠨ ᠤ 32 ᠨᠠᠮ ᠤᠨ ᠭᠡᠰᠢᠭᠦᠨ ᠨᠠᠮ ᠤᠨ ᠬᠢᠴᠢᠶᠡᠯ ᠤᠨ ᠰᠤᠷᠤᠯᠴᠠᠯᠭ᠎ᠠ ᠳᠤ ᠣᠷᠣᠯᠴᠠᠵᠠᠶ᠃    ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠯᠢᠶᠠᠩ ᠶᠢᠨ ᠰᠦᠩ ︽ᠢᠲᠡᠭᠡᠯ ᠪᠢᠰᠢᠷᠡᠯ ᠤᠨ ᠬᠦᠴᠦᠨ︾ ᠭᠡᠬᠦ ᠰᠡᠳᠦᠪ ᠢᠶᠠᠷ ᠨᠠᠮ ᠤᠨ ᠲᠡᠦᠬᠡ ᠪᠠᠷ ᠭᠤᠣᠯ ᠰᠢᠵᠢᠮ ᠪᠣᠯᠭᠠᠵᠤ᠂ ᠤᠯᠠᠨ ᠲᠦᠮᠡᠨ ᠲᠠᠢ ᠤᠢᠢᠷᠠᠳᠤᠭᠰᠠᠨ ᠦᠭᠡ ᠶᠠᠷᠢᠶ᠎ᠠ ᠪᠣᠯᠤᠨ ᠣᠮᠤᠭ ᠵᠣᠷᠢᠭ ᠪᠠᠳᠠᠷᠠᠩᠭᠤᠢ ᠪᠠᠭᠠᠲᠤᠷᠯᠢᠭ ᠦᠯᠢᠭᠡᠷ ᠢᠶᠠᠷ ᠤᠯᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠪᠤᠵᠤ ᠥᠩᠭᠡᠷᠡᠭᠰᠡᠨ ᠵᠠᠭᠤᠨ ᠵᠢᠯ ᠤᠨ ᠲᠡᠦᠬᠡ ᠶᠢ ᠡᠷᠭᠢᠴᠡᠭᠦᠯᠵᠦ᠂ ᠤᠨᠤᠯ ᠤᠨ ᠭᠦᠨᠴᠡ ᠲᠠᠢ ᠪᠥᠭᠡᠳ ᠠᠮᠢᠳᠤᠷᠠᠯ ᠳᠤ ᠣᠶᠢᠷᠠᠳᠴᠤ᠂ ᠨᠠᠮ ᠤᠨ ᠭᠡᠰᠢᠭᠦᠳ ᠲᠤ ᠨᠢᠭᠡᠨ ᠤᠳᠠᠭ᠎ᠠ ᠶᠢᠨ ᠠᠮᠢᠳᠤᠯᠢᠭ ᠭᠦᠨᠵᠡᠭᠡᠢ ᠨᠠᠮ ᠤᠨ ᠬᠢᠴᠢᠶᠡᠯ ᠣᠷᠣᠵᠤ ᠥᠭᠴᠡᠢ᠃ ᠯᠢᠶᠠᠩ‌ᠵᠢᠨ ᠰᠦᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠣᠶᠢᠯᠠᠭᠠᠵᠤ᠂ ᠨᠠᠮ ᠤᠨ ᠲᠡᠦᠬᠡ ᠶᠢ ᠰᠤᠷᠤᠯᠴᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠭᠡᠰᠢᠭᠦᠨ ᠺᠠᠲᠡᠷᠴᠤᠳ ᠤᠨ ᠨᠠᠮ ᠤᠨ ᠵᠠᠭᠤᠨ ᠵᠢᠯ ᠤᠨ ᠲᠡᠦᠬᠡ᠂ ᠨᠠᠮ ᠤᠨ ᠦᠵᠡᠯ ᠰᠠᠨᠠᠭ᠎ᠠ ᠤᠨᠤᠯ ᠤᠨ ᠲᠤᠬᠠᠢ ᠣᠶᠢᠯᠠᠭᠠᠯᠲᠠ ᠪᠣᠯᠤᠨ ᠡᠵᠡᠮᠳᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃    ᠬᠢᠴᠢᠶᠡᠯ ᠤᠨ ᠲᠠᠷᠠᠭ᠎ᠠ᠂ ᠤᠯᠠᠨ ᠢᠶᠠᠷ ᠵᠶ᠋ᠠᠨ‌‍ᠲ᠋ᠤᠰ ᠤᠳᠠᠭ᠎ᠠ ᠶᠢᠨ ᠨᠠᠮ ᠤᠨ ᠬᠢᠴᠢᠶᠡᠯ ᠤᠨ ᠰᠤᠷᠤᠯᠴᠠᠯᠭ᠎ᠠ ᠤᠯᠠᠨ ᠲᠦᠮᠡᠨ ᠲᠠᠢ ᠣᠶᠢᠷᠠᠲᠤᠵᠤ᠂ ᠰᠢᠮ᠎ᠡ ᠲᠡᠵᠢᠭᠡᠯ ᠲᠠᠢ᠂ ᠬᠤᠶᠢᠰᠢᠳᠠ ᠶᠢᠨ ᠠᠵᠢᠯ ᠳᠤᠮᠳᠠ ᠪᠠᠨ ᠪᠣᠳᠠᠲᠤ ᠪᠠᠶᠢᠳᠠᠯ ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠵᠠᠯᠠᠨ ᠠᠶᠢᠯ ᠬᠤᠳᠠ ᠶᠢᠨ ᠬᠥᠭᠵᠢᠯᠲᠡ ᠳᠤ ᠬᠠᠮᠲᠤᠪᠠᠷ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ