ᠵᠠᠯᠠᠨ ᠠᠶᠢᠯ ᠬᠤᠲᠠ ᠶᠢᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/6
 
11.jpg
22.jpg
     10 ᠰᠠᠷ᠎ᠠ ᠶᠢᠨ 30 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠢ ᠵᠢᠴᠢ ᠡᠯ᠎ᠡ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠠᠪᠤᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ︽ᠵᠠᠯᠠᠨ ᠠᠶᠢᠯ ᠬᠤᠲᠠ ᠶᠢᠨ 2023 ᠣᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025 ᠣᠨ︶﹀ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ︾ ᠶᠢ ᠬᠢᠨᠠᠨ ᠵᠥᠪᠯᠡᠵᠦ᠂ ᠵᠠᠯᠠᠨ ᠠᠶᠢᠯ ᠬᠤᠲᠠ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠢ︔ ︽ᠲᠥᠯᠥᠪᠵᠢᠭᠦᠯᠭᠡ︾ ᠶᠢᠨ ᠲᠣᠭᠲᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠯᠠᠭᠤᠴᠤᠳ ᠤᠨ ᠬᠥᠭᠵᠢᠯᠲᠡ ᠶᠢᠨ ᠬᠦᠷᠢᠶᠡᠨ ᠳᠠᠬᠢ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ︔ ᠵᠠᠯᠠᠭᠤᠴᠤᠳ ᠤᠨ ᠠᠵᠢᠯ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠵᠤ᠂ ︽ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠶᠢᠨ ᠤᠷᠳᠤᠨ