ᠵᠠᠯᠠᠨ ᠠᠶᠢᠯ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠦᠨ᠎ᠡ ᠶᠢᠨ ᠲᠣᠬᠢᠷᠠᠭᠤᠯᠤᠯᠲᠠ ᠶᠢᠨ ᠲᠤᠬᠠᠶ | ᠭᠡᠷᠡᠴᠢᠯᠡᠭᠡ ᠰᠣᠨᠣᠰᠬᠤ ᠬᠤᠷᠠᠯ ᠤᠨ ᠬᠤᠶᠠᠳᠤᠭᠠᠷ ᠤᠳᠠᠭᠠᠨ ᠤ ᠠᠯᠪᠠᠨ ᠵᠠᠷ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ | ᠬᠠᠩᠰᠢ ᠶᠢᠨ ᠠᠵᠢᠯᠯᠠᠭ᠎ᠠ ᠶᠢᠨ ᠲᠦᠷᠢᠮ︾ ᠪᠣᠯᠤᠨ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾ ᠵᠡᠷᠭᠡ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠵᠠᠯᠠᠨ ᠠᠶᠢᠯ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠦᠨ᠎ᠡ ᠬᠠᠩᠰᠢ ᠶᠢᠨ | ᠲᠣᠬᠢᠷᠠᠭᠤᠯᠤᠯᠲᠠ ᠶᠢᠨ ᠭᠡᠷᠡᠴᠢᠯᠡᠭᠡ ᠰᠣᠨᠣᠰᠬᠤ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠭᠡᠷᠡᠴᠢᠯᠡᠭᠡ ᠰᠣᠨᠣᠰᠬᠤ ᠬᠤᠷᠠᠯ ᠤᠨ ᠴᠠᠭ | 2023 ᠣᠨ ᠤ 11 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 9᠄ 30᠂ ᠬᠤᠷᠠᠯ ᠤᠨ ᠬᠤᠭᠤᠴᠠᠭ᠎ᠠ ᠬᠠᠭᠠᠰ ᠡᠳᠦᠷ᠃ | ᠬᠤᠶᠠᠷ᠂ ᠭᠡᠷᠡᠴᠢᠯᠡᠭᠡ ᠰᠣᠨᠣᠰᠬᠤ ᠬᠤᠷᠠᠯ ᠤᠨ ᠭᠠᠵᠠᠷ | ᠵᠠᠯᠠᠨ ᠠᠶᠢᠯ ᠬᠤᠲᠠ ᠶᠢᠨ ᠾᠧ ᠰᠢ ᠰᠢᠨ᠎ᠡ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠶᠡᠭᠡ ᠠᠰᠠᠷ ᠤᠨ ᠳᠥᠷᠪᠡᠳᠦᠭᠡᠷ ᠳᠠᠪᠬᠤᠷᠯᠢᠭ ᠤᠨ | ᠵᠢᠯᠣᠭᠤᠳᠬᠤ ᠲᠠᠰᠤᠭ᠃ | ᠭᠤᠷᠪᠠ᠂ ᠰᠠᠨᠠᠯ ᠰᠣᠨᠣᠰᠬᠤ ᠵᠦᠢᠯᠡᠰ | ᠵᠠᠯᠠᠨ ᠠᠶᠢᠯ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠦᠨ᠎ᠡ | ᠳᠥᠷᠪᠡ᠂ ᠭᠡᠷᠡᠴᠢᠯᠡᠭᠡ ᠰᠣᠨᠣᠰᠬᠤ ᠲᠥᠰᠦᠯ | ︵ᠨᠢᠭᠡ︶ ᠲᠣᠭᠲᠠᠭᠠᠬᠤ ᠪᠠᠷ ᠪᠠᠶᠢᠭ᠎ᠠ ᠦᠨ᠎ᠡ ᠬᠠᠩᠰᠢ ᠶᠢᠨ ᠪᠠᠷᠢᠮᠵᠢᠶ᠎ᠠ ᠬᠢᠭᠡᠳ ᠠᠭᠤᠯᠭ᠎ᠠ | ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠪᠣᠯ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 2018 ᠣᠨ ᠤ | ᠴᠣᠬᠤᠯᠠᠪᠤᠷᠢ ᠪᠠᠷ ᠳᠡᠮᠵᠢᠨ᠂ ᠦᠨ᠎ᠡ ᠬᠠᠩᠰᠢ ᠶᠢᠨ ᠪᠠᠷᠢᠮᠵᠢᠶ᠎ᠠ ᠨᠢ᠄ ᠰᠠᠭᠤᠭᠠᠯᠢ ᠠᠷᠠᠳ 3.90 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ ᠰᠠᠭᠤᠭᠠᠯᠢ | ᠠᠷᠠᠳ ᠪᠤᠰᠤ ᠬᠥᠮᠦᠨ 5.20 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 3.65 ᠲᠥᠭᠦᠷᠢᠭ / ᠲᠡᠭᠰᠢ | ᠳᠥᠷᠪᠡᠯᠵᠢᠨ ᠮᠧᠲᠷ · ᠰᠠᠷ᠎ᠠ︔ ᠲᠣᠬᠢᠷᠠᠭᠤᠯᠤᠯᠲᠠ ᠶᠢᠨ ᠦᠨ᠎ᠡ ᠬᠠᠩᠰᠢ ᠶᠢ ᠰᠠᠭᠤᠭᠠᠯᠢ ᠠᠷᠠᠳ 4.20/ ᠲᠡᠭᠰᠢ ᠳᠥᠷᠪᠡᠯᠵᠢᠨ ᠮᠧᠲᠷ · ᠰᠠᠷ᠎ᠠ᠂ ᠰᠠᠭᠤᠭᠠᠯᠢ | ᠠᠷᠠᠳ ᠪᠤᠰᠤ ᠬᠥᠮᠦᠨ 6.00/ ᠲᠡᠭᠰᠢ ᠳᠥᠷᠪᠡᠯᠵᠢᠨ ᠮᠧᠲᠷ · ᠰᠠᠷ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 3.75 ᠲᠥᠭᠦᠷᠢᠭ / ᠲᠡᠭᠰᠢ | ᠳᠥᠷᠪᠡᠯᠵᠢᠨ ᠮᠧᠲᠷ · ᠰᠠᠷ᠎ᠠ ᠪᠠᠷ ᠲᠣᠭᠲᠠᠭᠠᠵᠤ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠲᠣᠰ ᠤᠳᠠᠭ᠎ᠠ ᠲᠣᠬᠢᠷᠠᠭᠤᠯᠤᠯᠲᠠ ᠶᠢᠨ | ᠦᠨ᠎ᠡ ᠬᠠᠩᠰᠢ ᠶᠢ ᠰᠠᠭᠤᠭᠠᠯᠢ ᠠᠷᠠᠳ ᠪᠤᠰᠤ ᠬᠥᠮᠦᠨ ᠭᠤᠷᠪᠠᠨ ᠵᠢᠯ ᠬᠤᠪᠢᠶᠠᠨ ᠳᠣᠭᠢᠷᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢ | ᠨᠢᠭᠡ ᠵᠢᠯ ᠳᠤ ᠳᠣᠭᠢᠷᠠᠭᠤᠯᠤᠨ᠎ᠠ᠃ | ᠦᠨ᠎ᠡ ᠲᠣᠭᠲᠠᠭᠠᠬᠤ ᠣᠷᠣᠨ ᠪᠦᠰᠡ ᠵᠢᠴᠢ ᠬᠡᠷᠡᠭᠵᠢᠭᠦᠯᠬᠦ ᠬᠡᠪᠴᠢᠶ᠎ᠡ ᠪᠣᠯ ᠵᠠᠯᠠᠨ ᠠᠶᠢᠯ ᠬᠤᠲᠠ ᠶᠢᠨ ᠲᠣᠭᠤᠷᠢᠭ ᠲᠠᠬᠢ ᠬᠥᠯᠥᠨ ᠪᠤᠶᠢᠷ ᠤᠨ ᠠᠨ ᠲᠠᠢ | ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠢᠯᠴᠢ ᠶᠢᠨ ᠴᠠᠬᠢᠯᠭᠠᠨ ᠤ ᠦᠢᠯᠡᠳᠪᠦᠷᠢ ᠪᠣᠯᠤᠨ ᠵᠠᠯᠠᠨ ᠠᠶᠢᠯ ᠬᠤᠲᠠ ᠶᠢᠨ | ᠰᠢᠨ᠎ᠡ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠢᠯᠴᠢ ᠬᠠᠩᠭᠠᠬᠤ ᠬᠤᠭᠤᠯᠠᠶ ᠶᠢᠨ ᠲᠣᠤᠷ ᠢᠶᠠᠷ ᠳᠡᠮᠵᠢᠨ | ᠳᠤᠯᠠᠭᠠᠯᠠᠵᠤ ᠪᠠᠶᠢᠭ᠎ᠠ ᠬᠡᠷᠡᠭᠯᠡᠭᠴᠢ ᠪᠣᠯᠤᠨ᠎ᠠ᠃ | ︵ᠬᠤᠶᠠᠷ︶ ᠦᠨ᠎ᠡ ᠲᠣᠭᠲᠠᠭᠠᠬᠤ ᠦᠨᠳᠦᠰᠦᠯᠡᠯ ᠪᠠ ᠤᠴᠢᠷ ᠰᠢᠯᠲᠠᠭᠠᠨ | 1. ᠦᠨ᠎ᠡ ᠲᠣᠭᠲᠠᠭᠠᠬᠤ ᠦᠨᠳᠦᠰᠦᠯᠡᠯ | ︵1︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ | ︵2︶ ︽ᠵᠠᠰᠠᠭ ᠤᠨ ᠣᠷᠳᠣᠨ ᠠᠴᠠ ᠦᠨ᠎ᠡ ᠬᠠᠩᠰᠢ ᠶᠢᠨ ᠠᠵᠢᠯᠯᠠᠭ᠎ᠠ ᠶᠢᠨ ᠲᠦᠷᠢᠮ ᠢ ᠲᠣᠭᠲᠠᠭᠠᠨ᠎ᠠ︾ | ︵3︶ ︽ᠵᠠᠰᠠᠭ ᠤᠨ ᠣᠷᠳᠣᠨ ᠠᠴᠠ ᠲᠣᠭᠲᠠᠭᠠᠭᠰᠠᠨ ᠦᠨ᠎ᠡ ᠬᠠᠩᠰᠢ ᠶᠢᠨ ᠲᠤᠬᠠᠶ ᠰᠠᠨᠠᠯ ᠰᠣᠨᠣᠰᠬᠤ ᠠᠷᠭ᠎ᠠ︾ | ︵4︶ ︽ᠵᠠᠰᠠᠭ ᠤᠨ ᠣᠷᠳᠣᠨ ᠠᠴᠠ ᠦᠨ᠎ᠡ ᠬᠠᠩᠰᠢ ᠶᠢᠨ ᠥᠪᠡᠷ ᠤᠨ ᠦᠷᠳᠡᠭ ᠢ ᠬᠢᠨᠠᠨ ᠪᠠᠶᠢᠴᠠᠭᠠᠬᠤ ᠠᠷᠭ᠎ᠠ ᠶᠢ ᠲᠣᠭᠲᠠᠭᠠᠪᠠ︾ | ︵5︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ | ︵6︶ ︽ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠦᠨ᠎ᠡ ᠬᠠᠩᠰᠢ ᠶᠢᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠲᠥᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠤᠨᠮᠡᠳᠡᠭᠳᠡᠯ︾ | ︵7︶ ︽ᠬᠥᠯᠥᠨ ᠪᠤᠶᠢᠷ ᠤᠨ ᠠᠨ ᠲᠠᠢ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠤᠨ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ 2020 - 2022 ᠣᠨ ᠤ ᠢᠯᠴᠢ ᠬᠠᠩᠭᠠᠬᠤ ᠥᠪᠡᠷ ᠤᠨ ᠦᠷᠳᠡᠭ ᠤᠨ ᠲᠤᠰᠬᠠᠶ ᠵᠦᠢᠯ ᠤᠨ ᠬᠢᠨᠠᠨ ᠪᠤᠳᠤᠯᠳᠠ ᠶᠢᠨ | ᠮᠡᠳᠡᠭᠦᠯᠦᠯᠲᠡ︾ | ︵8︶ ︽ᠵᠠᠯᠠᠨ ᠠᠶᠢᠯ ᠤᠨ ᠰᠢᠨ᠎ᠡ ᠬᠤᠳᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 2020 — 2022 | ᠣᠨ ᠤ ᠢᠯᠴᠢ ᠬᠠᠩᠭᠠᠬᠤ ᠥᠪᠡᠷ ᠤᠨ ᠦᠷᠳᠡᠭ ᠤᠨ ᠲᠤᠰᠬᠠᠶ ᠵᠦᠢᠯ ᠤᠨ ᠬᠢᠨᠠᠨ ᠪᠤᠳᠤᠯᠳᠠ ᠶᠢᠨ ᠮᠡᠳᠡᠭᠦᠯᠦᠯᠲᠡ︾ | ︵9︶ ᠠᠨ ᠲᠠᠢ ᠶᠢᠨ ᠥᠪᠡᠷ ᠤᠨ ᠦᠷᠳᠡᠭ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ | ︵10︶ ᠰᠢᠨ᠎ᠡ ᠬᠤᠳᠠ ᠶᠢᠨ ᠥᠪᠡᠷ ᠤᠨ ᠦᠷᠳᠡᠭ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ | ︵11︶ ︽ᠵᠠᠯᠠᠨ ᠠᠶᠢᠯ ᠬᠤᠳᠠ ᠶᠢᠨ ᠵᠠᠰᠠᠭ ᠤᠨ ᠣᠷᠳᠣᠨ ᠤ 2022 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠤ ᠲᠣᠪᠴᠢ | ᠲᠡᠮᠳᠡᠭᠯᠡᠯ︾ | ︵12︶ ᠵᠠᠯᠠᠨ ᠠᠶᠢᠯ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠨᠡᠶᠢᠭᠡᠮ ᠤᠨ | ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ︾ | 2. ᠦᠨ᠎ᠡ ᠲᠣᠭᠲᠠᠭᠠᠬᠤ ᠤᠴᠢᠷ ᠰᠢᠯᠲᠠᠭᠠᠨ | ︵1︶ ᠦᠨᠳᠦᠰᠦᠨ ᠪᠠᠶᠢᠳᠠᠯ᠃ ᠵᠠᠯᠠᠨ ᠠᠶᠢᠯ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠶᠢ ᠬᠥᠯᠥᠨ ᠪᠤᠶᠢᠷ ᠤᠨ ᠠᠨ ᠲᠠᠢ ᠢᠯᠴᠢ ᠶᠢᠨ | ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠢᠯᠴᠢ ᠶᠢᠨ ᠴᠠᠬᠢᠯᠭᠠᠨ ᠤᠦᠢᠯᠡᠳᠪᠦᠷᠢ ᠪᠣᠯᠤᠨ ᠵᠠᠯᠠᠨ ᠠᠶᠢᠯ ᠰᠢᠨ᠎ᠡ ᠬᠤᠲᠠ ᠶᠢᠨ | ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠮᠲᠤᠪᠠᠷ ᠡᠭᠦᠷᠭᠡᠯᠡᠵᠦ᠂ ᠵᠠᠯᠠᠨ ᠠᠶᠢᠯ ᠢᠯᠴᠢ ᠶᠢᠨ ᠴᠠᠬᠢᠯᠭᠠᠨ ᠤ | ᠦᠢᠯᠡᠳᠪᠦᠷᠢ ᠶᠢᠨ ᠢᠯᠴᠢ ᠬᠠᠩᠭᠠᠬᠤ ᠲᠠᠯᠠᠪᠠᠶ 304.00 ᠲᠦᠮᠡᠨ ᠲᠡᠭᠰᠢ ᠳᠥᠷᠪᠡᠯᠵᠢᠨ ᠮᠧᠲᠷ᠂ ᠰᠢᠨ᠎ᠡ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠢᠯᠴᠢ ᠬᠠᠩᠭᠠᠬᠤ ᠲᠠᠯᠠᠪᠠᠶ 426.475 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠯ ᠪᠦᠷᠢ ᠶᠢᠨ | ᠳᠤᠮᠳᠠᠴᠢ ᠢᠯᠴᠢ ᠬᠠᠩᠭᠠᠬᠤ ᠴᠠᠭ ᠨᠢ 212 ᠡᠳᠦᠷ ᠪᠣᠯᠤᠨ᠎ᠠ᠃ ᠣᠳᠣᠬᠠᠨ ᠳᠤ ᠨᠡᠭᠦᠷᠡᠰᠦᠨ ᠤ ᠦᠨ᠎ᠡ ᠬᠠᠩᠰᠢ᠂ ᠠᠵᠤ ᠠᠬᠤᠶᠢᠯᠠᠯ ᠤᠨ ᠢᠯᠴᠢ ᠬᠠᠩᠭᠠᠬᠤ | ᠥᠭᠡᠷᠡᠴᠢᠯᠡᠯᠲᠡ ᠶᠢᠨ ᠣᠷᠣᠭᠤᠯᠤᠯᠲᠠ ᠨᠡᠮᠡᠭᠳᠡᠭᠰᠡᠨ ᠵᠡᠷᠭᠡ ᠬᠦᠴᠦᠨᠵᠦ᠋ᠢᠯ ᠤᠨ ᠶᠡᠷᠦᠩᠬᠡᠶ ᠨᠥᠯᠥᠭᠡ ᠠᠴᠠ ᠪᠣᠯᠵᠣ᠂ ᠬᠤᠶᠠᠷ ᠠᠵᠤ ᠠᠬᠤᠶᠢᠯᠠᠯ ᠤᠨ ᠢᠯᠴᠢ | ᠬᠠᠩᠭᠠᠬᠤ ᠥᠪᠡᠷ ᠤᠨ ᠥᠷᠲᠡᠭ ᠨᠢ ᠲᠠᠰᠤᠷᠠᠯᠲᠠ ᠥᠬᠡᠶ ᠨᠡᠮᠡᠭᠳᠡᠵᠦ᠂ ᠠᠯᠳᠠᠭᠳᠠᠯ ᠨᠢ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠡᠶᠢᠮᠦ ᠠᠴᠠ ᠬᠤᠶᠠᠷ ᠺᠣᠮᠫᠠᠨᠢ | ᠳᠤᠯᠠᠭᠠᠯᠭ᠎ᠠ ᠶᠢᠨ ᠦᠨ᠎ᠡ ᠶᠢ ᠲᠣᠬᠢᠷᠠᠭᠤᠯᠬᠤ ᠭᠤᠶᠤᠴᠢᠯᠠᠯ ᠭᠠᠷᠭᠠᠵᠠᠶ᠃ | ︵2︶ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠪᠠᠶᠢᠳᠠᠯ᠃ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨ᠎ᠡ | ᠬᠠᠩᠰᠢ ᠲᠣᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ ᠬᠤᠶᠠᠷ ᠢᠯᠴᠢ ᠬᠠᠩᠭᠠᠬᠤ ᠠᠵᠤ ᠠᠬᠤᠶᠢᠯᠠᠯ ᠤᠨ 2020 — 2022 ᠣᠨ ᠤ | ᠢᠯᠴᠢ ᠬᠠᠩᠭᠠᠬᠤ ᠦᠨ᠎ᠡ ᠬᠠᠩᠰᠢ ᠳᠤ ᠥᠪᠡᠷ ᠤᠨ ᠥᠷᠲᠡᠭ ᠤᠨ ᠬᠢᠨᠠᠨ ᠪᠠᠶᠢᠴᠠᠭᠠᠯᠲᠠ ᠬᠢᠪᠠ᠃ ᠲᠣᠰ ᠤᠳᠠᠭᠠᠨ ᠤ ᠢᠯᠴᠢ ᠬᠠᠩᠭᠠᠬᠤ ᠦᠨ᠎ᠡ ᠬᠠᠩᠰᠢ ᠶᠢᠨ | ᠥᠪᠡᠷ ᠤᠨ ᠥᠷᠲᠡᠭ ᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠠᠭᠤᠯᠭ᠎ᠠ ᠨᠢ ᠭᠤᠤᠯᠳᠠᠭᠤ ᠦᠢᠯᠡᠳᠪᠦᠷᠢᠯᠡᠯ ᠤᠨ ᠥᠪᠡᠷ ᠤᠨ ᠥᠷᠲᠡᠭ ᠪᠠ ᠬᠤᠭᠤᠴᠠᠭᠠᠨ ᠤ | ᠵᠠᠷᠤᠳᠠᠯ ᠬᠤᠶᠠᠷ ᠶᠡᠭᠡ ᠬᠡᠰᠡᠭ ᠢᠶᠠᠷ ᠪᠦᠷᠢᠯᠳᠦᠨ᠎ᠡ︔ ᠳᠤᠯᠠᠭᠠᠯᠭ᠎ᠠ ᠶᠢᠨ ᠦᠨ᠎ᠡ ᠲᠠᠢ ᠬᠠᠮᠢᠶ᠎ᠠ ᠥᠬᠡᠶ ᠥᠪᠡᠷ ᠤᠨ ᠥᠷᠲᠡᠭ ᠤᠨ ᠵᠠᠷᠤᠳᠠᠯ ᠢ ᠰᠠᠯᠭᠠᠬᠤ ᠬᠡᠷᠡᠭᠲᠡᠶ᠃ | ᠵᠠᠯᠠᠨ ᠠᠶᠢᠯ ᠤᠨ ᠢᠯᠴᠢ ᠶᠢᠨ ᠴᠠᠬᠢᠯᠭᠠᠨ ᠤ ᠦᠢᠯᠡᠳᠪᠦᠷᠢ᠂ 2020 — 2022 ᠣᠨ ᠳᠤ᠂ ᠭᠤᠷᠪᠠᠨ ᠵᠢᠯ ᠤᠨ ᠭᠠᠶᠢᠯᠢ ᠶᠢ ᠪᠠᠭᠲᠠᠭᠠᠭᠰᠠᠨ ᠳᠤᠮᠳᠠᠴᠢ | ᠦᠨ᠎ᠡ ᠶᠢᠨ ᠥᠪᠡᠷ ᠤᠨ ᠥᠷᠲᠡᠭ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 7.06 ᠲᠥᠭᠦᠷᠢᠭ ᠪᠠᠶᠢᠪᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢ | ᠪᠠᠭᠲᠠᠭᠠᠭᠰᠠᠨ ᠨᠢᠭᠡᠴᠡ ᠶᠢᠨ ᠳᠤᠮᠳᠠᠴᠢ ᠦᠨ᠎ᠡ ᠬᠠᠩᠰᠢ ᠨᠢ 4.19 ᠲᠥᠭᠦᠷᠢᠭ \ ᠲᠡᠭᠰᠢ ᠳᠥᠷᠪᠡᠯᠵᠢᠨ ᠮᠧᠲᠷ · ᠰᠠᠷ᠎ᠠ ᠪᠠᠶᠢᠵᠤ᠂ 2.87 ᠲᠥᠭᠦᠷᠢᠭ \ ᠲᠡᠭᠰᠢ | ᠳᠥᠷᠪᠡᠯᠵᠢᠨ ᠮᠧᠲᠷ · ᠰᠠᠷ᠎ᠠ ᠲᠣᠩᠭᠤᠷᠤᠤ ᠡᠯᠭᠦᠨ᠎ᠡ᠃ ᠵᠠᠯᠠᠨ ᠠᠶᠢᠯ ᠤᠨ ᠰᠢᠨ᠎ᠡ ᠬᠤᠲᠠ ᠶᠢᠨ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | 2020 — 2022 ᠣᠨ ᠳᠤ᠂ ᠭᠤᠷᠪᠠᠨ ᠵᠢᠯ ᠤᠨ ᠭᠠᠶᠢᠯᠢ ᠶᠢ ᠪᠠᠭᠲᠠᠭᠠᠭᠰᠠᠨ ᠳᠤᠮᠳᠠᠴᠢ ᠦᠨ᠎ᠡ ᠶᠢᠨ ᠥᠪᠡᠷ ᠤᠨ ᠥᠷᠲᠡᠭ ᠨᠢ ᠲᠡᠭᠰᠢ ᠳᠥᠷᠪᠡᠯᠵᠢᠨ ᠮᠧᠲᠷ | ᠪᠦᠷᠢ ᠳᠡᠭᠡᠨ 5.75 ᠲᠥᠭᠦᠷᠢᠭ ᠪᠠᠶᠢᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢ ᠪᠠᠭᠲᠠᠭᠠᠭᠰᠠᠨ ᠨᠢᠭᠡᠴᠡ ᠶᠢᠨ ᠳᠤᠮᠳᠠᠴᠢ ᠦᠨ᠎ᠡ ᠨᠢ ᠲᠡᠭᠰᠢ | ᠳᠥᠷᠪᠡᠯᠵᠢᠨ ᠮᠧᠲᠷ ᠪᠦᠷᠢ ᠳᠡᠭᠡᠨ 4.08 ᠲᠥᠭᠦᠷᠢᠭ᠂ ᠲᠡᠭᠰᠢ ᠳᠥᠷᠪᠡᠯᠵᠢᠨ ᠮᠧᠲᠷ ᠪᠦᠷᠢ ᠳᠡᠭᠡᠨ 1.67 ᠲᠥᠭᠦᠷᠢᠭ ᠲᠣᠩᠭᠤᠷᠤᠤ ᠡᠯᠭᠦᠵᠡᠶ᠃ 2020 | — 2022 ᠣᠨ ᠤ ᠭᠤᠷᠪᠠᠨ ᠵᠢᠯ ᠳᠤ ᠬᠤᠶᠠᠷ ᠡᠷᠦᠬᠡ ᠶᠢᠨ ᠳᠤᠮᠳᠠᠴᠢ ᠦᠨ᠎ᠡ ᠲᠣᠭᠲᠠᠭᠠᠬᠤ ᠥᠪᠡᠷ ᠤᠨ ᠥᠷᠲᠡᠭ ᠨᠢ ᠲᠡᠭᠰᠢ ᠳᠥᠷᠪᠡᠯᠵᠢᠨ ᠮᠧᠲᠷ | ᠪᠦᠷᠢ ᠳᠡᠭᠡᠨ 6.23 ᠲᠥᠭᠦᠷᠢᠭ ᠪᠠᠶᠢᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠨᠢᠭᠡᠴᠡ ᠶᠢᠨ ᠳᠤᠮᠳᠠᠴᠢ ᠦᠨ᠎ᠡ ᠨᠢ ᠲᠡᠭᠰᠢ ᠳᠥᠷᠪᠡᠯᠵᠢᠨ ᠮᠧᠲᠷ | ᠪᠦᠷᠢ ᠳᠡᠭᠡᠨ 4.12 ᠲᠥᠭᠦᠷᠢᠭ᠂ ᠲᠡᠭᠰᠢ ᠳᠥᠷᠪᠡᠯᠵᠢᠨ ᠮᠧᠲᠷ ᠪᠦᠷᠢ ᠳᠡᠭᠡᠨ 2.11 ᠲᠥᠭᠦᠷᠢᠭ ᠲᠣᠩᠭᠤᠷᠤᠤ ᠡᠯᠭᠦᠵᠡᠶ᠃ | ︵ 3︶ ᠶᠡᠷᠦᠩᠬᠡᠶᠢᠯᠡᠨ ᠵᠠᠳᠠᠯᠬᠤ᠃ ᠮᠠᠨ ᠤ ᠬᠤᠲᠠ ᠶᠢᠨ ᠳᠤᠯᠠᠭᠠᠯᠭ᠎ᠠ ᠶᠢᠨ ᠪᠠᠶᠢᠳᠠᠯ ᠤᠨ ᠲᠣᠪᠤᠶᠢᠮ᠎ᠠ ᠣᠨᠴᠠᠯᠢᠭ ᠪᠣᠯ ᠳᠤᠯᠠᠭᠠᠯᠭ᠎ᠠ ᠶᠢᠨ ᠬᠤᠭᠤᠴᠠᠭ᠎ᠠ ᠨᠢ 7 | ᠰᠠᠷ᠎ᠠ ᠣᠷᠳᠣ ᠪᠠᠶᠢᠵᠤ᠂ ᠳᠤᠯᠠᠭᠠᠯᠭ᠎ᠠ ᠶᠢᠨ ᠲᠠᠯᠠᠪᠠᠶ ᠶᠢᠨ ᠬᠡᠪᠴᠢᠶ᠎ᠡ ᠨᠢ ᠥᠷᠭᠡᠨ᠂ ᠢᠯᠠᠩᠭᠤᠶ᠎ᠠ ᠣᠶᠢᠷ᠎ᠠ ᠶᠢᠨ ᠬᠡᠳᠦᠨ ᠵᠢᠯ ᠳᠤ ᠨᠡᠭᠦᠷᠡᠰᠦᠨ ᠤ ᠦᠨ᠎ᠡ ᠬᠠᠩᠰᠢ᠂ | ᠠᠵᠤ ᠠᠬᠤᠶᠢᠯᠠᠯ ᠤᠨ ᠳᠤᠯᠠᠭᠠᠯᠭ᠎ᠠ ᠶᠢᠨ ᠥᠭᠡᠷᠡᠴᠢᠯᠡᠯᠲᠡ ᠶᠢᠨ ᠣᠷᠣᠭᠤᠯᠤᠯᠲᠠ ᠨᠡᠮᠡᠭᠳᠡᠭᠰᠡᠨ ᠵᠡᠷᠭᠡ ᠬᠦᠴᠦᠨᠵᠦ᠋ᠢᠯ ᠤᠨ ᠶᠡᠷᠦᠩᠬᠡᠶ ᠨᠥᠯᠥᠭᠡ ᠠᠴᠠ ᠪᠣᠯᠵᠣ᠂ | ᠳᠤᠯᠠᠭᠠᠯᠭ᠎ᠠ ᠶᠢᠨ ᠥᠪᠡᠷ ᠤᠨ ᠥᠷᠲᠡᠭ ᠨᠢ ᠶᠡᠭᠡ ᠪᠠᠷ ᠨᠡᠮᠡᠭᠳᠡᠭᠰᠡᠨ ᠪᠠᠶᠢᠨ᠎ᠠ᠃ ᠢᠯᠴᠢ ᠬᠠᠩᠭᠠᠬᠤ ᠥᠪᠡᠷ ᠤᠨ ᠥᠷᠲᠡᠭ ᠤᠨ ᠬᠤᠪᠢᠷᠠᠯᠲᠠ ᠵᠢᠴᠢ ᠢᠯᠴᠢ | ᠬᠠᠩᠭᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠬᠤ ᠶᠢᠨ ᠲᠥᠯᠥᠭᠡ᠂ ᠥᠷᠭᠡᠨ ᠣᠯᠠᠨ ᠬᠤᠲᠠ ᠶᠢᠨ ᠠᠷᠠᠳ ᠪᠣᠯᠤᠨ | ᠢᠯᠴᠢ ᠬᠠᠩᠭᠠᠬᠤ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠣᠯᠠᠨ ᠲᠦᠮᠡᠨ ᠤ ᠢᠯᠴᠢ ᠬᠡᠷᠡᠭᠯᠡᠬᠦ ᠳᠠᠷᠤᠭᠠᠰᠤ ᠶᠢ | ᠬᠥᠩᠭᠡᠷᠡᠭᠦᠯᠬᠦ᠂ ᠠᠵᠤ ᠠᠬᠤᠶᠢᠯᠠᠯ ᠤᠨ ᠬᠡᠪ ᠤᠨ ᠠᠵᠢᠯᠯᠠᠭᠠᠨ ᠢ ᠪᠠᠲᠤᠯᠠᠬᠤ᠂ ᠬᠤᠲᠠ ᠶᠢᠨ ᠢᠯᠴᠢ ᠬᠠᠩᠭᠠᠬᠤ ᠠᠮᠤᠷ ᠲᠦᠪᠰᠢᠨ ᠢ ᠬᠠᠮᠠᠭᠠᠯᠠᠬᠤ᠂ ᠬᠥᠷᠰᠢ | ᠵᠡᠷᠭᠡᠯᠡᠳᠡᠭᠡ ᠬᠤᠰᠢᠭᠤ ᠬᠤᠲᠠ ᠶᠢᠨ ᠢᠯᠴᠢ ᠬᠠᠩᠭᠠᠬᠤ ᠦᠨ᠎ᠡ ᠬᠠᠩᠰᠢ ᠪᠠᠷ ᠯᠠᠪᠯᠠᠯᠲᠠ ᠪᠣᠯᠭᠠᠬᠤ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ | ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠳ᠋ᠦᠩ ᠲᠠᠢ ᠤᠶᠠᠯᠳᠤᠭᠤᠯᠤᠨ᠂ ᠵᠠᠯᠠᠨ ᠠᠶᠢᠯ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠦᠨ᠎ᠡ ᠬᠠᠩᠰᠢ ᠳᠤ | ᠰᠠᠭᠤᠭᠠᠯᠢ ᠠᠷᠠᠳ 4.20 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ᠂ ᠰᠠᠭᠤᠭᠠᠯᠢ ᠠᠷᠠᠳ ᠪᠤᠰᠤ ᠬᠥᠮᠦᠨ 6.00 ᠲᠥᠭᠦᠷᠢᠭ / ᠲᠡᠭᠰᠢ ᠳᠥᠷᠪᠡᠯᠵᠢᠨ | ᠮᠧᠲᠷ · ᠰᠠᠷ᠎ᠠ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 3.75 ᠲᠥᠭᠦᠷᠢᠭ / ᠲᠡᠭᠰᠢ ᠳᠥᠷᠪᠡᠯᠵᠢᠨ ᠮᠧᠲᠷ · ᠰᠠᠷ᠎ᠠ ︵ᠲᠣᠰ ᠦᠨ᠎ᠡ ᠬᠠᠩᠰᠢ ᠶᠢ ᠭᠤᠷᠪᠠᠨ | ᠵᠢᠯ ᠬᠤᠪᠢᠶᠠᠨ ᠳᠣᠭᠢᠷᠠᠭᠤᠯᠤᠭᠰᠠᠨ ᠤ ᠳᠠᠷᠠᠭᠠᠬᠢ ᠳᠤᠯᠠᠭᠠᠯᠭ᠎ᠠ ᠶᠢᠨ ᠦᠨ᠎ᠡ ᠬᠠᠩᠰᠢ ᠶᠢ ᠳᠣᠭᠢᠷᠠᠭᠤᠯᠤᠨ᠎ᠠ︶ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ᠲᠠᠪᠤ᠂ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ︵ᠨᠡᠷᠡᠰ ᠤᠨ ᠵᠢᠭᠰᠠᠭᠠᠯᠲᠠ ᠶᠢ ᠡᠮᠦᠨ᠎ᠡ ᠬᠤᠶᠢᠨ᠎ᠠ ᠭᠡᠵᠦ ᠬᠤᠪᠢᠶᠠᠬᠤ ᠥᠬᠡᠶ︶ | ︵ᠨᠢᠭᠡ︶ ᠬᠡᠷᠡᠭᠯᠡᠭᠴᠢᠳ ᠤᠨ ᠲᠥᠯᠥᠭᠡᠯᠡᠭᠴᠢ ︵10 ᠬᠥᠮᠦᠨ︶ | ᠵᠢᠶᠠᠩ ᠰᠢᠶᠤᠤ ᠬᠤᠩ᠄ ᠠᠵᠢᠯ ᠠᠴᠠ ᠪᠠᠨ ᠪᠠᠭᠤᠵᠤ ᠠᠮᠠᠷᠠᠭᠰᠠᠳ | ᠰᠦ ᠸᠤᠨ ᠪᠢᠨ᠄ ᠷᠦ᠋ ᠢ ᠭᠡᠷ ᠣᠷᠣᠨ ᠤ ᠪᠣᠳᠠᠭᠠᠯᠢ ᠪᠡᠶ᠎ᠡ | ᠸᠠᠩ ᠴᠠᠩ ᠬᠤᠢ᠄ ᠬᠤᠸᠠ ᠯᠢᠨ ᠬᠤᠳᠠᠯᠳᠤᠭᠠᠨ ᠤ ᠲᠠᠯᠠᠪᠤᠷ ᠤᠨ ᠳᠠᠭᠠᠭᠠᠮᠠᠯ | ᠶᠢᠨ ᠬᠤᠩ ᠴᠢᠶᠠᠩ᠄ ᠠᠵᠢᠯ ᠦᠭᠡᠢ | ᠡᠦ ᠵᠢᠶ ᠵᠦᠤᠤ᠄ ᠪᠣᠳᠠᠭᠠᠯᠢ ᠪᠡᠶ᠎ᠡ | ᠬᠥ᠋ ᠱᠸᠤ ᠵᠢᠩ᠄ ᠹᠠᠨ ᠷᠥᠩ ᠪᠠᠭ᠎ᠠ ᠰᠤᠷᠭᠠᠭᠤᠯᠢ ᠶᠢᠨ ᠪᠠᠭᠰᠢ | ᠳ᠋ᠦᠩ ᠵᠧᠨ ᠵᠧᠨ᠄ ᠰᠢᠨ ᠳ᠋ᠦᠩ ᠹᠠᠩᠭᠡᠷ ᠣᠷᠣᠨ ᠤ ᠪᠣᠳᠠᠭᠠᠯᠢ ᠪᠡᠶ᠎ᠡ | ᠵᠠᠩ ᠴᠢ ᠬᠤᠩ᠄ ᠶᠠ ᠯᠦ ᠤᠰᠤ ᠬᠠᠩᠭᠠᠬᠤ ᠺᠣᠮᠫᠠᠨᠢ ᠶᠢᠨ ᠠᠵᠢᠯᠴᠢᠨ | ᠢᠦᠢ ᠬᠦᠢ ᠢᠩ ᠄ ᠠᠵᠢᠯ ᠠᠴᠠ ᠪᠠᠨ ᠪᠠᠭᠤᠭᠰᠠᠨ ᠰᠠᠭᠤᠭᠠᠯᠢ ᠠᠷᠠᠳ | ᠵᠠᠩ ᠸᠧᠶ ᠄ ᠾᠧ ᠰᠢ ᠶᠢᠨ ᠡᠷᠬᠢᠯᠡᠭᠰᠡᠨ ᠬᠤᠪᠢ ᠶᠢᠨ ᠡᠵᠡᠩᠨᠡᠯᠲᠡ | ︵ᠬᠤᠶᠠᠷ︶ ᠡᠵᠡᠩᠨᠡᠭᠴᠢ ᠶᠢᠨ ᠲᠥᠯᠥᠭᠡᠯᠡᠭᠴᠢ ︵2 ᠬᠥᠮᠦᠨ︶ | ᠢᠦᠢ ᠶᠤᠸᠠᠢ᠄ ᠠᠨ ᠲᠠᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠡᠷᠬᠢᠯᠡᠭᠴᠢ | ᠽᠠᠩ ᡁᠢ ᠶᠤᠸᠠᠢ᠄ ᠰᠢᠨ᠎ᠡ ᠬᠤᠲᠠ ᠶᠢᠨ ᠢᠯᠴᠢ ᠬᠠᠩᠭᠠᠬᠤ ᠬᠠᠷᠢᠭᠤᠴᠠᠯᠭᠠᠲᠤ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ | ︵ᠭᠤᠷᠪᠠ︶ ᠪᠤᠰᠤᠳ ᠠᠰᠢᠭ ᠲᠤᠰᠠ ᠶᠢᠨ ᠬᠤᠯᠪᠣᠭᠳᠠᠯ ᠪᠦᠬᠦᠢ ᠲᠠᠯ᠎ᠠ ᠶᠢᠨ ᠲᠥᠯᠥᠭᠡᠯᠡᠭᠴᠢ ︵1 ᠬᠥᠮᠦᠨ︶ | ᠰᠦᠩ ᠪᠦᠦ ᠳ᠋ᠦᠩ᠄ ᠮᠤᠩ ᠳ᠋ᠦᠩ ᠺᠣᠮᠫᠠᠨᠢ ᠶᠢᠨ ᠨᠡᠭᠦᠷᠡᠰᠦ ᠪᠣᠷᠣᠯᠠᠭᠤᠯᠬᠤ ᠬᠤᠪᠢᠶᠠᠷᠢ ᠺᠣᠮᠫᠠᠨᠢ ᠶᠢᠨ ᠡᠷᠬᠢᠯᠡᠭᠴᠢ | ︵ᠳᠥᠷᠪᠡ︶ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ︵1 ᠬᠥᠮᠦᠨ︶ | ᠡᠦ ᠵᠢᠶ ᠯᠦᠩ ᠄ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠬᠡᠯᠲᠡᠰ ᠤᠨ ᠡᠷᠬᠢᠯᠡᠭᠴᠢ | ︵ᠲᠠᠪᠤ︶ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠤᠰᠤᠳ ᠬᠥᠮᠦᠰ ᠤᠨ ᠲᠥᠯᠥᠭᠡᠯᠡᠭᠴᠢ ︵6 ᠬᠥᠮᠦᠨ︶ | ᠯᠢᠦᠶ ᠽᠦᠩ ᠴᠧᠩ ᠄ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠰᠢᠤᠢ ᠪᠥᠸᠧ᠄ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠫᠠᠩ ᠰᠢᠤ ᠯᠢᠩ᠄ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | ᠶᠢᠨ ᠢ ᠫᠢᠩ᠄ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠠᠩ ᠴᠢᠤᠸᠠᠨ ᠯᠢ ᠄ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠵᠤ ᠯᠢᠶᠠᠩ ᠵᠢᠶᠧ᠄ ᠵᠠᠯᠠᠨ ᠠᠶᠢᠯ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ | ︵ᠵᠢᠷᠭᠤᠭ᠎ᠠ︶ ᠰᠤᠯᠠ ᠰᠣᠨᠣᠰᠬᠤ ᠬᠥᠮᠦᠰ ︵2 ᠬᠥᠮᠦᠨ︶ | ᠴᠢᠦᠶ ᠹᠦ᠋ ᠰᠢᠨ ᠄ ᠲᠢᠶᠧ ᠳ᠋ᠦᠩ ᠤᠨ ᠡᠷᠬᠢᠯᠡᠭᠰᠡᠨ ᠬᠤᠪᠢ ᠶᠢᠨ ᠡᠵᠡᠩᠨᠡᠯᠲᠡ ᠶᠢᠨ ᠺᠣᠮᠫᠠᠨᠢ | ᠯᠢᠦ ᠯᠢ ᠫᠢᠩ᠄ ᠠᠵᠢᠯ ᠠᠴᠠ ᠪᠠᠨ ᠠᠮᠠᠷᠠᠭᠰᠠᠨ ᠰᠠᠭᠤᠭᠠᠯᠢ ᠠᠷᠠᠳ | ︵ᠲᠤᠯᠤᠭ᠎ᠠ︶ ᠰᠣᠨᠢᠨ ᠮᠡᠳᠡᠭᠡᠨ ᠤ ᠵᠠᠭᠤᠴᠢᠯᠠᠭᠤᠷ ︵2 ᠬᠥᠮᠦᠨ︶ | ᠬᠠᠨ ᠶᠢᠩ ᠄ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠶᠢᠨ ᠬᠡᠯᠲᠡᠰ ᠤᠨ ᠡᠷᠬᠢᠯᠡᠭᠴᠢ | ᠶᠢᠨ ᠳ᠋ᠠᠶ ᠄ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠶᠢᠨ ᠬᠡᠯᠲᠡᠰ ᠤᠨ ᠳᠡᠳ᠋ ᠡᠷᠬᠢᠯᠡᠭᠴᠢ | ᠵᠢᠷᠭᠤᠭ᠎ᠠ᠂ ᠭᠡᠷᠡᠴᠢᠯᠡᠭᠡ ᠰᠣᠨᠣᠰᠤᠭᠴᠢ | ᠪᠠᠶ ᠰᠢᠤᠸᠠᠢ ᠢᠩ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠱᠠᠨ ᠬᠠᠶ ᠪᠢᠩ᠄ ᠮᠥᠰᠥᠲᠦᠯᠭᠡ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠫᠤᠩ ᠱᠧᠩ ᠨᠠᠨ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠰᠦᠢᠳᠬᠡᠯ ᠬᠤᠷᠢᠶᠠᠬᠤ ᠲᠠᠰᠤᠭ ᠤᠨ ᠠᠵᠢᠯᠲᠠᠨ | ᠯᠢ ᠶᠠᠨ ᠶᠠᠨ ᠄ ᠰᠢᠨ ᠰᠢᠩ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ |