ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠨᠡᠨ ᠬᠦ ᠳᠥᠯᠭᠢᠨ ᠠᠬᠢᠭᠤᠯᠵᠤ᠂ ᠢᠯᠡ ᠪᠠᠷ ᠵᠠᠰᠠᠭ ᠶᠠᠪᠤᠭᠤᠯᠬᠤ ᠶᠢ ᠬᠡᠷᠡᠭᠵᠢᠭᠦᠯᠦᠨ᠂ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽2024 ᠣᠨ ᠤ ᠵᠠᠯᠠᠨ ᠠᠶᠢᠯ ᠬᠤᠲᠠ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠢᠨᠵᠧᠨᠧᠷᠢᠩ︾ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ | ᠣᠷᠣᠯᠠᠨ ᠭᠦᠢᠴᠡᠳᠭᠡᠬᠦ ᠺᠣᠮᠫᠠᠨᠢ ᠶᠢ ᠢᠯᠡ ᠪᠠᠷ ᠰᠢᠯᠢᠨ ᠰᠣᠩᠭᠤᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠨᠠᠶᠢᠳᠠᠯᠭ᠎ᠠ ᠶᠢᠨ ᠲᠥᠷᠥᠯ ᠵᠦᠢᠯ | ︽2024 ᠣᠨ ᠤ ᠵᠠᠯᠠᠨ ᠠᠶᠢᠯ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ | ᠲᠥᠯᠥᠪᠯᠡᠭᠡ ᠶᠢᠨ ᠢᠨᠵᠧᠨᠧᠷᠢᠩ ︾ | ᠬᠤᠶᠠᠷ᠂ ᠨᠡᠷ᠎ᠡ ᠮᠡᠳᠡᠭᠦᠯᠬᠦ ᠬᠢᠷᠢ ᠬᠡᠮ | ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠤᠭᠤᠳ ᠵᠠᠯᠠᠨ ᠠᠶᠢᠯ ᠬᠤᠳᠠ ᠶᠢᠨ | ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠭᠤᠶᠤᠴᠢᠯᠠᠯ ᠭᠠᠷᠭᠠᠵᠤ ᠪᠣᠯᠤᠨ᠎ᠠ᠄ | 1.ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔ | 2.ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠲᠠᠢ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ | ᠪᠠᠶᠢᠬᠤ︔ | 3.ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ᠂ ᠨᠡᠯᠢᠶᠡᠳ ᠰᠠᠶᠢᠨ ᠠᠵᠢᠯ ᠤᠨ | ᠪᠦᠲᠦᠮᠵᠢ ᠲᠠᠢ ᠪᠠᠶᠢᠬᠤ︔ | 4. ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ︔ | 5. ᠲᠤᠰ ᠤᠳᠠᠭᠠᠨ ᠤ ᠨᠡᠷ᠎ᠡ ᠮᠡᠳᠡᠭᠦᠯᠬᠦ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ | ᠳᠤᠮᠳᠠ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠲᠡᠮᠳᠡᠭᠯᠡᠯ ᠪᠠᠶᠢᠬᠤ ᠦᠭᠡᠶ︔ | 6.ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ︔ | ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠪᠥᠭᠡᠳ ᠣᠷᠣᠯᠴᠠᠬᠤ ᠰᠠᠨᠠᠭ᠎ᠠ ᠲᠠᠢ ᠨᠢᠭᠡᠴᠡ ᠨᠢ 2023 ᠣᠨ ᠤ 11 ᠳ᠋ᠦᠭᠡᠷ ᠰᠠᠷ᠎ᠠ ᠶᠢᠨ 5 ᠤ | ᠡᠳᠦᠷ ᠤᠨ 9 ᠴᠠᠭ ᠠᠴᠠ ᠡᠮᠦᠨ᠎ᠡ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠴᠦ | ᠪᠢᠴᠢᠭ ᠢᠶᠠᠷ ᠨᠡᠷ᠎ᠡ ᠮᠡᠳᠡᠭᠦᠯᠬᠦ ᠭᠤᠶᠤᠴᠢᠯᠠᠯ ︵ᠰᠢᠤᠳᠠᠨ ᠢᠶᠠᠷ ᠶᠠᠪᠤᠭᠤᠯᠵᠤ ᠪᠣᠯᠤᠨ᠎ᠠ︶ ᠢᠶᠠᠨ ᠲᠤᠰᠢᠶᠠᠬᠤ ᠶᠢᠨ ᠬᠠᠮᠲᠤ ᠬᠦᠴᠦᠨ ᠪᠥᠬᠦᠶ ᠬᠢᠷᠢ ᠬᠡᠮ ᠤᠨ ᠦᠨᠡᠮᠯᠡᠯ | ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ | ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ︵ᠠᠯᠪᠠᠨ ᠲᠠᠮᠠᠭ᠎ᠠ ᠳᠠᠷᠤᠬᠤ ᠬᠡᠷᠡᠭᠲᠡᠶ︶ 3 ᠢᠵᠢ ᠶᠢ ᠲᠤᠰᠢᠶᠠᠬᠤ ᠬᠡᠷᠡᠭᠲᠡᠶ᠃ ︵ᠬᠠᠷᠢᠯᠴᠠᠬᠤ ᠬᠥᠮᠦᠨ᠄ | ᠵᠠᠩ ᠳ᠋ᠠᠨ︔ ᠬᠠᠷᠢᠯᠴᠠᠬᠤ ᠤᠲᠠᠰᠤ᠄ 15049747099 | ᠳᠥᠷᠪᠡ᠂ ᠰᠣᠩᠭᠤᠬᠤ ᠠᠷᠭ᠎ᠠ ᠮᠠᠶ᠋ᠢᠭ | ᠲᠣᠰ ᠤᠳᠠᠭ᠎ᠠ ᠰᠢᠯᠢᠳᠡᠭ ᠢ ᠨᠢ ᠰᠣᠩᠭᠤᠵᠤ ᠡᠯᠰᠡᠬᠦ ᠠᠷᠭ᠎ᠠ ᠶᠢ ᠠᠪᠴᠤ᠂ 2023 ᠣᠨ ᠤ 11 ᠰᠠᠷ᠎ᠠ ᠶᠢᠨ 5 ᠤ ᠡᠳᠦᠷ ᠤᠨ 14 ᠴᠠᠭ ᠲᠤ ᠵᠠᠯᠠᠨ ᠠᠶᠢᠯ | ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠷᠠᠯ ᠤᠨ ᠬᠡᠷ ᠲᠤ ᠰᠢᠯᠭᠠᠷᠠᠭᠤᠯᠬᠤ ᠬᠤᠷᠠᠯ ᠬᠢᠵᠦ᠂ | ᠲᠤᠬᠠᠶ ᠶᠢᠨ ᠲᠠᠯᠠᠪᠤᠷ ᠲᠤᠨᠢ ᠦᠷ᠎ᠡ ᠳ᠋ᠦᠩ ᠢ ᠨᠢ ᠵᠠᠷᠯᠠᠵᠤ᠂ ᠰᠣᠩᠭᠤᠭᠳᠠᠨ ᠤᠷᠤᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠭᠡᠬᠦ ᠨᠢᠭᠡᠴᠡ ᠢᠯᠡ᠂ | ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ ᠲᠣᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠠᠵᠢᠯ ᠢᠶᠠᠨ ᠪᠡᠶᠡᠯᠡᠭᠦᠯᠵᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | 2023 ᠣᠨ ᠤ 10 ᠰᠠᠷ᠎ᠠ ᠶᠢᠨ 31 ᠤ ᠡᠳᠦᠷ |