ᠬᠦᠰᠡᠯ ᠵᠡᠭᠦᠳᠦ ᠪᠠᠨ ᠲᠡᠷᠭᠡᠯᠰᠢᠭᠦᠯᠵᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠎ᠠ
ᠨᠡᠶᠢᠲᠡᠯᠡᠭᠰᠡᠨ ᠴᠠᠭ᠄
2023/11/7
    — ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠠᠴᠠ ᠮᠠᠨ ᠤ ᠤᠯᠤᠰ ᠤᠨ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢ ᠬᠠᠷᠠᠬᠤᠢ    ᠪᠡᠶ᠎ᠡ ᠮᠠᠬᠠᠪᠤᠳ ᠨᠢ ᠬᠡᠳᠦ᠋ᠢᠪᠡᠷ ᠵᠡᠮᠳᠡᠭ ᠪᠣᠯᠤᠭᠰᠠᠨ ᠪᠤᠯᠪᠠᠴᠤ᠂ ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠳᠤᠮᠳᠠᠳᠤ ᠤᠯᠤᠰ ᠤᠨ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠬᠦ ᠲᠠᠮᠢᠷ ᠤᠨ ᠬᠥᠳᠡᠯᠭᠡᠭᠡᠨ ᠤ ᠴᠤᠭ ᠵᠢᠪᠬᠤᠭ᠎ᠠ ᠪᠠᠷ ᠳᠡᠯᠡᠬᠡᠢ ᠳ᠋ᠠᠬᠢᠨ ᠢ ᠤᠳᠠᠭ᠎ᠠ ᠳᠠᠷᠠᠭᠠᠯᠠᠨ ᠭᠠᠶᠢᠬᠠᠭᠤᠯᠤᠭᠰᠠᠨ ᠪᠠᠶᠢᠨ᠎ᠠ ; ᠨᠠᠷᠢᠯᠢᠭ ᠵᠦᠢᠯᠡᠰ ᠲᠤ ᠦᠨᠡᠨ ᠰᠡᠳᠬᠢᠯᠭᠡ ᠪᠢᠯᠬᠠᠵᠤ᠂ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠲᠠᠯᠠᠪᠤᠷ ᠣᠷᠳᠣᠨ ᠥᠨᠳᠥᠷ ᠲᠦᠪᠰᠢᠨ ᠪᠦᠬᠦᠢ ᠰᠠᠭᠠᠳ ᠦᠭᠡᠢ ᠲᠤᠨᠤᠭ ᠲᠥᠬᠦᠭᠡᠷᠦᠮᠵᠢ ᠪᠠᠷ ︽ᠳᠤᠮᠳᠠᠳᠤ ᠶᠢᠨ ᠬᠠᠯᠠᠭᠤᠨ ᠳᠤᠯᠠᠭᠠᠨ︾ ᠢ ᠭᠦᠢᠴᠡᠳ ᠲᠠᠶᠢᠯᠪᠤᠷᠢᠯᠠᠪᠠ ; ︽ᠠᠳᠠᠯᠢᠬᠠᠨ ᠭᠤᠶᠢᠳᠠ ᠰᠠᠶᠢᠬᠠᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠵᠡᠮᠳᠡᠭᠴᠦᠳ ᠶᠠᠭ ᠡᠷᠡᠭᠦᠯ ᠴᠢᠭᠢᠷᠠᠭ ᠬᠥᠮᠥᠨ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠰᠠᠶᠢᠨ ᠰᠠᠶᠢᠬᠠᠨ ᠢ ᠬᠠᠮᠲᠤ ᠪᠠᠷ ᠡᠳ᠋ᠯᠡᠪᠡ᠃    ᠬᠥᠮᠥᠨ ᠤ ᠠᠮᠢᠳᠤᠷᠠᠯ ᠤᠨ ᠵᠠᠮ ᠳᠡᠭᠡᠷ᠎ᠡ ᠲᠡᠳᠡ ᠭᠤᠶᠢᠳᠠ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠪᠡ    ᠨᠢᠳᠦᠨ ᠡᠮᠦᠨ᠎ᠡ ᠨᠢ ᠬᠡᠳᠦ᠋ᠢᠪᠡᠷ ᠫᠠᠳ ᠬᠠᠷᠠᠩᠭᠤᠢ ᠪᠠᠶᠢᠭᠰᠠᠨ ᠴᠤ᠂ ᠲᠡᠷᠡ ᠮᠥᠨ ᠯᠡ ᠭᠦᠶᠦᠯᠲᠡ ᠶᠢᠨ ᠵᠠᠮ ᠳᠡᠭᠡᠷᠡᠬᠢ ︽ᠨᠢᠰᠬᠦ ᠰᠢᠪᠠᠭᠤ︾ ᠮᠡᠲᠦ ᠪᠠᠶᠢᠵᠤ ᠂ ᠨᠠᠷᠢᠨ ᠴᠢᠷᠬᠦ ᠳᠡᠭᠡᠰᠦᠨ ᠳᠤ ᠲᠦᠰᠢᠭᠯᠡᠨ᠂ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠲᠠᠮᠢᠷᠴᠢᠨ ᠯᠢᠦ ᠼᠦᠢ ᠴᠢᠩ ᠨᠢᠰᠬᠦ ᠮᠡᠲᠦ ᠲᠦᠷᠭᠡᠨ ᠠᠯᠬᠤᠵᠤ ᠪᠠᠶᠢᠯ᠎ᠠ︔    ᠬᠡᠳᠦ᠋ᠢᠪᠡᠷ ᠬᠤᠶᠠᠷ ᠬᠥᠯ ᠨᠢ ᠵᠡᠮᠳᠡᠭ ᠪᠤᠯᠪᠠᠴᠤ ᠲᠡᠷᠡ ᠮᠥᠨ ᠯᠡ ᠤᠮᠪᠠᠯᠲᠠ ᠶᠢᠨ ᠲᠠᠲᠠᠭᠠᠯ ᠳᠠᠬᠢ ︽ᠱᠤᠮᠪᠠᠭ᠋ᠤ ᠵᠢᠭᠠᠰᠤ︾ ᠮᠡᠲᠦ ᠪᠠᠶᠢᠵᠤ᠂ ᠵᠥᠪᠭᠡᠨ ᠬᠤᠶᠠᠷ ᠭᠠᠷ ᠢᠶᠠᠷ ᠢᠶᠠᠨ ᠤᠰᠤ ᠰᠡᠯᠢᠵᠦ᠂ ᠤᠮᠪᠠᠯᠲᠠ ᠶᠢᠨ ᠲᠠᠮᠢᠷᠴᠢᠨ ᠯᠢᠦ ᠢᠦᠢ ᠵᠠᠮ ᠲᠤᠵᠢ ᠲᠡᠷᠢᠭᠦᠯᠡᠪᠡ ᠁    ᠬᠦᠴᠦ ᠬᠥᠯᠥᠰᠦ ᠪᠠᠷ ᠬᠦᠰᠡᠯ ᠵᠡᠭᠦᠳᠦ ᠪᠠᠨ ᠤᠮᠳᠠᠯᠠᠵᠤ᠂ ᠰᠢᠷᠭᠠᠭᠤ ᠲᠡᠮᠡᠴᠡᠯ ᠢᠶᠠᠷ ᠭᠤᠶᠢᠳᠠ ᠰᠠᠶᠢᠬᠠᠨ ᠠᠮᠵᠢᠯᠲᠠ ᠣᠯᠪᠠ᠃ ᠲᠤᠰ ᠬᠤᠭᠤᠴᠠᠭᠠᠨ ᠤ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠳᠡᠭᠡᠷ᠎ᠡ᠂ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ 214 ᠠᠯᠲᠠᠨ ᠮᠧᠳᠠᠯ᠂ 167 ᠮᠥᠩᠭᠦᠨ ᠮᠧᠳᠠᠯ᠂ 140 ᠬᠦᠷᠡᠯ ᠮᠧᠳᠠᠯ ᠢᠶᠠᠷ ᠲᠡᠷᠢᠭᠦᠯᠡᠵᠦ᠂ ᠳᠤᠮᠳᠠᠳᠤ ᠤᠯᠤᠰ ᠤᠨ ᠵᠡᠮᠳᠡᠭᠴᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃    ᠡᠷᠡᠭᠦᠯ ᠬᠥᠮᠥᠨ ᠭᠤᠶᠢᠳᠠ ᠰᠠᠶᠢᠬᠠᠨ ᠠᠮᠢᠳᠤᠷᠠᠯ ᠢ ᠡᠳ᠋ᠯᠡᠵᠦ ᠴᠢᠳᠠᠬᠤ ᠪᠠᠷ ᠪᠠᠷᠠᠬᠤ ᠦᠭᠡᠢ ᠵᠡᠮᠳᠡᠭ ᠬᠥᠮᠥᠨ ᠴᠦ ᠭᠤᠶᠢᠳᠠ ᠰᠠᠶᠢᠬᠠᠨ ᠠᠮᠢᠳᠤᠷᠠᠯ ᠢ ᠡᠳ᠋ᠯᠡᠵᠦ ᠴᠢᠳᠠᠨ᠎ᠠ᠃ ᠤᠷᠤᠯᠳᠤᠭᠠᠨ ᠤ ᠲᠠᠯᠠᠪᠤᠷ ᠠᠴᠠ ᠭᠠᠳᠠᠨ᠎ᠠ᠂ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠳᠣᠣᠷ᠎ᠠ᠂ ᠨᠡᠩ ᠤᠯᠠᠨ ᠵᠡᠮᠳᠡᠭᠴᠦᠳ ᠥᠪᠡᠷ ᠤᠨ ᠠᠮᠢᠳᠤᠷᠠᠯ ᠤᠨ ᠲᠠᠪᠴᠠᠩ ᠢᠶᠠᠨ ᠣᠯᠵᠤ ᠪᠠᠶᠢᠨ᠎ᠠ᠃    ᠰᠤᠷᠭᠠᠭᠤᠯᠢ ᠡᠬᠢᠯᠡᠬᠦ ᠡᠨᠡ ᠤᠯᠠᠷᠢᠯ ᠳᠤ ᠴᠢᠩᠬᠤᠸᠠ ᠶᠡᠭᠡ ᠰᠤᠷᠭᠠᠭᠤᠯᠢ ᠶᠢᠨ ᠬᠦᠷᠢᠶᠡᠨ ᠳᠤ ᠨᠢᠭᠡᠨ ︽ᠣᠨᠴᠠᠭᠠᠶ︾ ᠰᠢᠨ᠎ᠡ ᠰᠤᠷᠤᠬᠴᠢ ᠣᠷᠣᠵᠤ ᠢᠷᠡᠪᠡ᠃    ᠲᠡᠭᠦᠨ ᠢ ᠵᠤᠤ ᠽᠢ ᠺᠠᠩ ᠭᠡᠳᠡᠭ᠂ ᠪᠠᠭ᠎ᠠ ᠳᠠᠭᠠᠨ ᠲᠥᠷᠥᠯᠬᠢ ᠶᠢᠨ ᠴᠢᠨᠠᠷᠲᠠᠢ ᠲᠠᠷᠢᠬᠢᠨ ᠤ ᠰᠠ ᠡᠪᠡᠳᠴᠢᠨ ᠢᠶᠠᠷ ᠣᠨᠣᠰᠢᠯᠠᠭᠳᠠᠵᠤ᠂ ᠬᠥᠯ ᠭᠠᠷ ᠨᠢ ᠬᠡᠪ ᠤᠨ ᠪᠠᠶᠢᠳᠠᠯ ᠢᠶᠠᠷ ᠶᠠᠪᠤᠵᠤ ᠳᠡᠶᠢᠯᠭᠦ ᠦᠭᠡᠢ ᠪᠣᠯᠵᠠᠢ᠃ ᠭᠡᠪᠡᠴᠦ ᠡᠨᠡ ᠨᠢ ᠵᠤᠤ ᠽᠢ ᠺᠠᠩ ᠤᠨ ᠵᠣᠷᠢᠭ ᠢ ᠮᠣᠬᠤᠭᠤᠵᠤ ᠳᠡᠶᠢᠯᠦᠭᠰᠡᠨ ᠦᠭᠡᠢ᠃ ᠲᠡᠷᠡ ᠴᠢᠷᠮᠠᠶᠢᠨ ᠲᠡᠮᠡᠴᠡᠵᠦ᠂ 697 ᠬᠤᠪᠢ ᠶᠢᠨ ᠬᠢᠷᠢ ᠪᠦᠲᠦᠮᠵᠢ ᠪᠠᠷ ᠴᠢᠩᠬᠤᠸᠠ ᠶᠡᠭᠡ ᠰᠤᠷᠭᠠᠭᠤᠯᠢ ᠶᠢᠨ ᠺᠤᠮᠫᠢᠦ᠋ᠲ᠋ᠧᠷ ᠤᠨ ᠰᠠᠯᠪᠤᠷᠢ ᠳᠤ ᠡᠯᠰᠡᠭᠳᠡᠪᠡ᠃    ᠳᠤᠰᠤᠯ ᠬᠥᠯᠥᠰᠦ ᠪᠣᠯᠭᠠᠨ ᠳᠤᠨᠢ ᠪᠦᠷ ᠴᠠᠭ ᠦᠶ᠎ᠡ ᠶᠢᠨ ᠭᠡᠷᠡᠯ ᠭᠢᠯᠪᠠᠭ᠎ᠠ ᠶᠢ ᠲᠤᠰᠬᠠᠨ᠎ᠠ᠃    ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠤᠨᠴᠠᠭᠠᠢ ᠬᠥᠮᠥᠨ ᠳᠤ ᠲᠥᠭᠦᠮ ᠦᠵᠡᠭᠦᠯᠭᠦ ᠠᠯᠢ ᠣᠯᠠᠨ ᠠᠷᠭ᠎ᠠ ᠬᠡᠮᠵᠢᠶ᠎ᠡ ᠪᠠ ᠲᠤᠰᠠᠭᠠᠷ ᠰᠢᠯᠭᠠᠵᠤ ᠲᠤᠰᠠᠭᠠᠷ ᠰᠣᠷᠣᠬᠴᠢ ᠡᠯᠰᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠣᠳᠣ ᠪᠤᠯᠲᠠᠯ᠎ᠠ ᠨᠢᠭᠡᠨᠲᠡ 9 ᠲᠦᠮᠡᠨ ᠵᠡᠮᠳᠡᠭ ᠰᠤᠷᠤᠬᠴᠢ ᠶᠡᠭᠡ ᠰᠤᠷᠭᠠᠭᠤᠯᠢ ᠶᠢᠨ ᠬᠦᠷᠢᠶᠡᠨ ᠳᠤ ᠠᠯᠬᠤᠨ ᠣᠷᠣᠵᠠᠢ᠃ ᠡᠭᠦᠨ ᠤ ᠬᠠᠮᠲᠤ᠂ ᠮᠠᠨ ᠤ ᠤᠯᠤᠰ ᠤᠨ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠨᠢᠭᠡᠨᠲᠡ 95% ᠳᠤ ᠬᠦᠷᠴᠡᠢ᠃    ᠰᠤᠷᠤᠯᠴᠠᠬᠤ ᠬᠦᠰᠡᠯ ᠢᠷᠡᠭᠡᠳᠦᠢ ᠶᠢ ᠭᠡᠷᠡᠯᠲᠦᠭᠦᠯᠵᠦ᠂ ᠠᠵᠢᠯ ᠣᠯᠬᠤ ᠬᠦᠰᠡᠯ ᠵᠣᠯ ᠵᠢᠷᠭᠠᠯ ᠢ ᠪᠢᠴᠢᠭᠯᠡᠨ᠎ᠡ᠃    ᠲᠠᠶᠢᠰᠠᠨ ᠳᠡᠭᠡᠷ᠎ᠡ᠂ ᠬᠠᠷᠠᠭ᠎ᠠ ᠶᠢᠨ ᠰᠠᠭᠠᠳ ᠲᠠᠢ ᠵᠡᠮᠳᠡᠭᠴᠦᠳ ᠤᠨ ᠬᠥᠭᠵᠢᠮ ᠤᠨ ᠪᠦᠯᠭᠦᠮ ᠨᠢ ᠬᠥᠭᠵᠢᠮ ᠤᠨ ᠨᠣᠲ ᠢᠶᠠᠨ ᠣᠯᠵᠤ ᠦᠵᠡᠬᠦ ᠦᠭᠡᠢ ᠪᠤᠯᠪᠠᠴᠤ ᠤᠶᠠᠩᠭᠠᠯᠢᠭ ᠰᠠᠶᠢᠬᠠᠨ ᠭᠦᠭᠵᠢᠮᠳᠡᠪᠡ ; ᠪᠢᠴᠢᠭ ᠤᠨ ᠰᠢᠷᠡᠭᠡᠨ ᠳᠡᠭᠡᠷ᠎ᠡ᠂ ᠬᠥᠯ ᠢᠶᠠᠷ ᠢᠶᠠᠨ ᠪᠢᠷ ᠪᠠᠷᠢᠵᠤ ᠪᠠᠶᠢᠭᠰᠠᠨ ᠤᠷᠠᠨ ᠪᠢᠴᠢᠯᠭᠡᠲᠡᠨ ᠤᠷᠠᠨ ᠵᠢᠷᠤᠭᠴᠢᠨ ᠪᠢᠷ ᠪᠡᠬᠡᠰ ᠤᠨ ᠰᠢᠳᠢ ᠶᠢ ᠭᠠᠶᠢᠬᠠᠭᠤᠯᠵᠤ ᠤᠷᠤᠰᠤᠮ᠎ᠠ ᠰᠠᠶᠢᠬᠠᠨ ᠵᠢᠷᠤᠪᠠ ; ᠳᠡᠯᠭᠡᠴᠡ ᠶᠢᠨ ᠡᠮᠦᠨ᠎ᠡ ᠬᠥᠳᠡᠯᠵᠦ ᠪᠠᠷᠢᠬᠤ ᠨᠢ ᠳᠥᠭᠦᠮ ᠦᠭᠡᠢ ᠵᠠᠯᠠᠭᠤ ᠨᠡᠪᠲᠡᠷᠡᠭᠦᠯᠦᠭᠴᠢ ᠨᠤᠲᠤᠭ ᠤᠨ ᠢᠶᠠᠨ ᠣᠨᠴᠠ ᠭᠠᠷᠤᠯᠲᠠ ᠶᠢ ᠰᠡᠳᠬᠢᠯ ᠲᠠᠯᠪᠢᠨ ᠲᠠᠨᠢᠯᠴᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ ᠁    ᠣᠶᠢᠷ᠎ᠠ ᠶᠢᠨ ᠵᠢᠯ ᠠᠴᠠ᠂ ᠡᠯ᠎ᠡ ᠭᠠᠵᠠᠷ ᠤᠨ ᠬᠢᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠪᠠ᠃ 2022 ᠣᠨ ᠤ ᠡᠴᠦᠰ ᠪᠤᠯᠲᠠᠯ᠎ᠠ᠂ ᠪᠦᠭᠦ ᠤᠯᠤᠰ ᠤᠨ ᠬᠤᠲᠠ ᠬᠥᠳᠡᠭᠡ ᠶᠢᠨ ᠵᠡᠮᠳᠡᠭ ᠤᠨ ᠦᠨᠡᠮᠯᠡᠯ ᠲᠠᠢ ᠵᠡᠮᠳᠡᠭᠴᠦᠳ ᠤᠨ ᠠᠵᠢᠯ ᠣᠯᠣᠭᠰᠠᠨ ᠬᠥᠮᠥᠨ ᠤ ᠲᠤᠭ᠎ᠠ 900 ᠲᠦᠮᠡ ᠶᠢ ᠳᠠᠪᠠᠵᠤ᠂ ᠵᠥᠪᠭᠡᠨ 2022 ᠣᠨ ᠳᠤ ᠬᠤᠲᠠ ᠬᠥᠳᠡᠭᠡ ᠶᠢᠨ 59.2 ᠲᠦᠮᠡᠨ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠪᠠ᠃    ᠵᠡᠮᠳᠡᠭᠴᠦᠳ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠵᠠᠮ ᠤᠯᠠᠮ ᠥᠷᠭᠡᠵᠢᠵᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠠᠭᠤᠷᠢ ᠤᠯᠠᠮ ᠪᠠᠬᠢᠵᠢᠵᠦ᠂ ᠨᠡᠩ ᠭᠤᠶᠢᠳᠠ ᠰᠠᠶᠢᠬᠠᠨ ᠲᠠᠩᠰᠤᠭ ᠠᠮᠢᠳᠤᠷᠠᠯ ᠤᠨ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ᠃    ᠬᠠᠯᠠᠭᠤᠨ ᠳᠤᠯᠠᠭᠠᠨ ᠨᠠᠷᠢᠯᠢᠭ ᠵᠦᠢᠯᠡᠰ ᠤᠨ ᠳᠤᠮᠳᠠ ᠠᠴᠠ ᠳᠡᠳᠡ ᠬᠠᠶᠢᠷ᠎ᠠ ᠬᠠᠯᠠᠮᠵᠢ ᠣᠯᠵᠤ ᠭᠦᠷᠳᠡᠪᠡ    10 ᠰᠠᠷ᠎ᠠ ᠶᠢᠨ 22 ᠤᠨ ᠡᠳᠦᠷ᠂ ᠲᠦᠮᠡᠨ ᠣᠯᠠᠨ ᠤ ᠠᠩᠬᠠᠷᠤᠯ ᠢ ᠲᠠᠲᠠᠭᠰᠠᠨ ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠡᠭᠡᠷ᠎ᠡ᠂ ᠵᠡᠮᠳᠡᠭ ᠤᠮᠪᠠᠯᠲᠠ ᠶᠢᠨ ᠲᠠᠮᠢᠷᠴᠢᠨ ᠰᠢᠦᠢ ᠵᠢᠶᠠ ᠯᠢᠩ ᠣᠶᠤᠨᠴᠢ ᠪᠢᠣᠨᠢᠺᠰ ᠭᠠᠷ ᠢᠶᠠᠷ ᠢᠶᠠᠨ ᠭᠠᠯ ᠪᠠᠮᠪᠠᠷ ᠢ ᠥᠨᠳᠥᠷ ᠡᠷᠭᠦᠵᠦ᠂ ᠭᠤᠣᠯ ᠭᠠᠯ ᠪᠠᠮᠪᠠᠷ ᠢ ᠠᠰᠠᠭᠠᠪᠠ᠃ ᠳᠦᠷᠡᠯᠵᠡᠨ ᠨᠣᠴᠣᠭᠰᠠᠨ ᠠᠷᠢᠭᠤᠨ ᠭᠠᠯ ᠤᠷᠤᠯᠳᠤᠭᠠᠨ ᠤ ᠬᠥᠰᠢᠭᠡ ᠶᠢ ᠰᠡᠬᠦᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠵᠡᠮᠳᠡᠭᠴᠦᠳ ᠤᠨ ᠰᠠᠭᠠᠳ ᠦᠭᠡᠢ ᠠᠮᠢᠳᠤᠷᠠᠬᠤ ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ ᠳᠠᠪᠠᠭᠤᠯᠢᠭ ᠪᠣᠯᠣᠨ ᠰᠠᠶᠢᠨ ᠰᠠᠶᠢᠬᠠᠨ ᠠᠯᠤᠰ ᠢᠷᠡᠭᠡᠳᠦᠢ ᠶᠢ ᠭᠡᠷᠡᠴᠢᠯᠡᠪᠡ᠃    ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠰᠠᠭᠠᠳ ᠦᠭᠡᠢ ᠣᠷᠴᠢᠨ ᠤ ᠲᠦᠪᠰᠢᠨ ᠢ ᠳᠡᠭᠡᠭᠰᠢᠯᠡᠭᠦᠯᠭᠦ ᠶᠢᠨ ᠵᠠᠩᠭᠢᠯᠠᠭ᠎ᠠ ᠨᠢ ᠭᠠᠶᠢᠬᠠᠮᠰᠢᠭᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠳᠤ ᠪᠠᠶᠢᠬᠤ ᠪᠠᠷ ᠪᠠᠷᠠᠬᠤ ᠦᠭᠡᠢ᠂ ᠨᠠᠩ ᠴᠤ ᠵᠢᠵᠢᠭ ᠰᠠᠵᠢᠭ ᠵᠢᠷᠤᠭ ᠲᠥᠯᠥᠪᠯᠡᠭᠡ ᠪᠠ ᠲᠣᠬᠢᠷᠠᠭᠤᠯᠤᠯᠲᠠ ᠳᠤ ᠪᠠᠶᠢᠨ᠎ᠠ᠃    ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠲᠣᠰᠬᠤᠨ ᠳᠤ᠂ ᠲᠠᠮᠢᠷᠴᠢᠳ ᠤᠨ ᠬᠥᠳᠡᠯᠭᠡᠭᠡᠨ ᠤ ᠱᠤᠭᠤᠮ ᠤᠨ ᠳᠡᠭᠡᠨᠴᠡᠯ ᠤᠨ ᠬᠡᠰᠡᠭ ᠲᠤ ᠴᠥᠮ ᠨᠠᠯᠠᠤ ᠵᠠᠮ ᠤᠬᠰᠠᠷᠠᠪᠠ ; ᠠᠰᠠᠷ ᠪᠠ ᠣᠷᠣᠵᠤ ᠭᠠᠷᠬᠤ ᠭᠠᠵᠠᠷ ᠤᠨ ᠬᠤᠭᠤᠷᠤᠨᠳᠤᠭᠢ ᠵᠠᠢ ᠶᠢ ᠥᠷᠭᠡᠳᠭᠡᠵᠡᠶ ; ᠥᠷᠥᠭᠡᠨ ᠤ ᠣᠷᠣ ᠶᠢᠨ ᠥᠨᠳᠥᠷ ᠢ ᠲᠤᠰᠬᠠᠶᠢᠯᠠᠨ ᠲᠣᠬᠢᠷᠠᠭᠤᠯᠵᠤ᠂ ᠵᠡᠮᠳᠡᠭ ᠲᠠᠮᠢᠷᠴᠢᠳ ᠤᠨ ᠨᠠᠩ ᠰᠠᠶᠢᠨ ᠠᠮᠠᠷᠠᠬᠤ ᠳᠤ ᠳᠥᠭᠦᠮ ᠦᠵᠡᠭᠦᠯᠪᠡ᠃    ᠤᠷᠤᠯᠳᠤᠭᠠᠨ ᠤ ᠲᠠᠯᠠᠪᠤᠷ ᠤᠨ ᠴᠠᠭᠢᠯᠭᠠᠨ ᠱᠠᠲᠤ ᠶᠢᠨ ᠳᠠᠷᠤᠪᠴᠢ ᠳᠡᠭᠡᠷ᠎ᠡ ᠪᠦᠷ ᠬᠠᠷᠠᠭ᠎ᠠ ᠠᠯᠳᠠᠭᠰᠠᠳ ᠤᠨ ᠲᠡᠮᠲᠡᠷᠢᠬᠦ ᠦᠰᠦᠭ ᠢ ᠰᠠᠶᠢᠯᠵᠠᠢ ; ᠤᠷᠤᠯᠳᠤᠭᠠᠨ ᠤ ᠲᠠᠯᠠᠪᠠᠢ ᠳᠤ ᠲᠤᠰᠬᠠᠢ ᠰᠠᠭᠠᠳ ᠦᠭᠡᠢ ᠰᠠᠭᠤᠳᠠᠯ ᠪᠤᠢ ; ᠳᠣᠣᠷ᠎ᠠ ᠪᠠᠶᠢᠷᠢ ᠶᠢᠨ ᠳᠠᠷᠤᠪᠴᠢ᠂ ᠳᠣᠣᠷ᠎ᠠ ᠪᠠᠶᠢᠷᠢ ᠶᠢᠨ ᠲᠦᠰᠢᠭᠦᠷ᠂ ᠱᠠᠲᠤ ᠪᠠ ᠡᠭᠴᠡ ᠬᠥᠲᠥᠯ ᠦᠭᠡᠢ ᠭᠡᠷ ᠳᠣᠲᠣᠷᠠᠬᠢ ᠵᠠᠮ ᠵᠢᠴᠢ ᠬᠠᠷᠠᠭ᠎ᠠ ᠠᠯᠳᠠᠭᠰᠠᠳ ᠤᠨ ᠵᠠᠮ ᠢ ᠳᠡᠪᠢᠰᠴᠡᠢ᠃    ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠲᠤᠷᠤᠨ᠎ᠠ ᠶᠢᠨ ᠰᠠᠯᠬᠢᠨ ᠤ ᠡᠷᠴᠢᠨ ᠳᠤ ᠬᠠᠩᠵᠧᠦ ᠶᠢᠨ ᠬᠢᠨ 14 ᠲᠦᠮᠡᠨ ᠰᠠᠭᠠᠳ ᠦᠭᠡᠢ ᠴᠡᠭ ᠪᠣᠯᠣᠨ ᠴᠢᠬᠤᠯᠠ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠢ ᠥᠭᠡᠷᠡᠴᠢᠯᠡᠨ ᠰᠢᠨᠡᠳᠬᠡᠵᠦ᠂ 3000 ᠭᠠᠷᠤᠢ ᠺᠢᠯᠣᠮᠧᠳ᠋ᠷ ᠤᠨ ᠮᠤᠬᠤᠷ ᠵᠠᠮ ᠢ ᠪᠠᠶᠢᠭᠤᠯᠪᠠ᠃ ᠪᠦᠭᠦ ᠬᠤᠲᠠ ᠶᠢᠨ 1600 ᠰᠠᠭᠠᠳ ᠦᠭᠡᠢ ᠣᠯᠠᠨ ᠨᠡᠶᠢᠲᠡ ᠶᠢᠨ ᠵᠤᠷᠯᠤᠩ ᠢ ᠵᠠᠮᠴᠢᠯᠠᠬᠤ ᠰᠢᠰᠲ᠋ᠧᠮ ᠳᠤ ᠣᠷᠣᠭᠤᠯᠵᠤ᠂ ᠵᠠᠮ ᠳᠡᠭᠡᠷ᠎ᠡ ᠰᠠᠭᠠᠳ ᠦᠭᠡᠢ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ 500 ᠭᠠᠷᠤᠢ ᠪᠣᠯᠵᠠᠢ᠃    ᠬᠠᠩᠵᠧᠦ ᠪᠠᠷ ᠵᠤᠬᠰᠤᠬᠤ ᠦᠭᠡᠢ᠂ ᠣᠶᠢᠷ᠎ᠠ ᠶᠢᠨ ᠵᠢᠯ ᠤᠨ ᠲᠤᠷᠰᠢ ᠡᠯ᠎ᠡ ᠭᠠᠵᠠᠷ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠵᠡᠮᠳᠡᠭᠴᠦᠳ ᠲᠤ ᠨᠥᠭᠦᠷᠰᠡᠭ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠦᠷᠭᠦᠯᠵᠢᠯᠡᠨ ᠰᠢᠯᠢᠳᠡᠭᠵᠢᠪᠡ᠃    ᠳᠣᠣᠷ᠎ᠠ ᠱᠠᠯᠠ ᠲᠠᠢ ᠰᠠᠭᠠᠳ ᠦᠭᠡᠢ ᠨᠡᠶᠢᠲᠡ ᠶᠢᠨ ᠮᠠᠰᠢᠨ ᠲᠡᠷᠭᠡ ᠨᠢ ᠵᠡᠮᠳᠡᠭᠴᠦᠳ ᠢ ᠰᠠᠨᠠᠭ᠎ᠠ ᠠᠮᠤᠷ ᠶᠠᠪᠤᠭᠤᠯᠬᠤ ᠪᠤᠯᠵᠠᠢ ; ᠭᠠᠷᠴᠤ ᠪᠠᠭᠤᠬᠤ ᠳᠤ ᠰᠠᠭᠠᠳ ᠦᠭᠡᠢ ᠭᠠᠵᠠᠷ ᠳᠣᠣᠷᠠᠬᠢ ᠲᠡᠮᠦᠷ ᠵᠠᠮ ᠤᠨ ᠸᠠᠭᠤᠨ ᠵᠡᠮᠳᠡᠭᠴᠦᠳ ᠤᠨ ᠠᠶᠠᠨ ᠵᠠᠮ ᠳᠤ ᠶᠡᠭᠡ ᠲᠦᠭᠦᠮ ᠪᠤᠯᠵᠠᠢ ; 648 ᠰᠦᠯᠵᠢᠶᠡᠨ ᠤ ᠦᠷᠳᠡᠭᠡ ᠪᠠ App ᠰᠠᠭᠠᠳ ᠦᠭᠡᠢ ᠵᠢᠴᠢ ᠨᠠᠰᠤᠵᠢᠯᠳᠠ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠵᠡᠮᠳᠡᠭᠴᠦᠳ ᠰᠦᠯᠵᠢᠶᠡᠨ ᠳᠤ ᠭᠠᠷᠬᠤ ᠳᠤ ᠨᠠᠩ ᠲᠥᠭᠦᠮ ᠪᠣᠯᠪᠠ ᠁    ᠡᠨᠡ ᠵᠢᠯ ᠤᠨ 9 ᠰᠠᠷ᠎ᠠ ᠶᠢᠨ 1 ᠤ ᠡᠳᠦᠷ᠂ ᠰᠢᠨ᠎ᠡ ᠪᠠᠷ ᠨᠡᠶᠢᠲᠡᠯᠡᠭᠰᠡᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ ᠶᠢ ᠵᠢᠩᠬᠢᠨᠢ ᠪᠠᠷ ᠬᠡᠷᠡᠭᠵᠢᠭᠦᠯᠪᠡ᠂ ᠡᠨᠡ ᠪᠣᠯ ᠮᠠᠨ ᠤ ᠤᠯᠤᠰ ᠤᠨ ᠠᠩᠬᠠᠳᠠᠭᠴᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠤᠰᠬᠠᠢ ᠴᠢᠨᠠᠷᠲᠠᠢ ᠬᠠᠤᠯᠢ ᠴᠠᠭᠠᠵᠠ ᠪᠠᠶᠢᠵᠤ᠂ ᠮᠠᠨ ᠤ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠪᠠ᠃    ᠤᠷᠤᠭᠰᠢᠯᠠᠯᠲᠠ ᠶᠢᠨ ᠠᠶᠠᠨ ᠳᠤ ᠲᠡᠳᠡᠨ ᠤ ᠪᠠᠷ᠎ᠠ ᠶᠡᠷᠦ ᠠᠴᠠ ᠠᠷᠢᠯᠤᠭ᠎ᠠ ᠦᠭᠡᠢ    ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠥᠯᠵᠡᠶᠢᠲᠦ ᠠᠮᠢᠲᠠᠨ ︽ᠹᠧᠢ ᠹᠧᠢ︾ ᠶᠢᠨ ᠲᠤᠬᠠᠢ ᠰᠡᠳᠬᠢᠬᠦᠢ ᠨᠢ ᠯᠢᠶᠠᠩ ᠵᠦ ᠶᠢᠨ ᠰᠣᠶᠣᠯ ᠳᠣᠲᠣᠷᠠᠬᠢ ︽ᠬᠤᠪᠢᠯᠭᠠᠨ ᠰᠢᠪᠠᠭᠤ︾ ᠶᠢᠨ ᠳᠦᠷᠢ ᠲᠥᠷᠬᠦ ᠠᠴᠠ ᠢᠷᠡᠯᠲᠡᠢ ᠪᠠᠶᠢᠵᠤ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠥᠯᠵᠡᠶᠢᠲᠦ ᠠᠮᠢᠲᠠᠨ ︽ᠵᠢᠶᠠᠩᠨᠠᠨ ᠤ ᠳᠤᠷᠠᠰᠤᠮᠵᠢ︾ ᠲᠠᠢ ᠤᠯᠠᠮᠵᠢᠯᠠᠯ ᠨᠢᠭᠡᠲᠡᠢ ᠶᠤᠮ ; ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠰᠦᠯᠳᠡ ︽ᠤᠷᠤᠭᠰᠢᠯᠠᠯᠲᠠ︾ ᠶᠢᠨ ᠭᠤᠣᠯ ᠴᠣᠭᠴᠠ ᠶᠢᠨ ᠵᠢᠷᠤᠭ ᠳᠦᠷᠰᠦ ᠨᠢ 10 ᠬᠠᠭᠠᠰ ᠨᠤᠮᠤᠯᠵᠢᠨᠵᠢᠷᠤᠭᠠᠰᠤ ᠪᠠᠷ ᠪᠦᠷᠢᠯᠳᠦᠵᠦ ᠂ ᠶᠠᠭ ᠯᠠ ᠲᠠᠰᠤᠷᠠᠯᠲᠠ ᠦᠭᠡᠢ ᠳᠠᠪᠠᠯᠭᠠᠯᠠᠵᠤ ᠪᠠᠶᠢᠭ᠎ᠠ ᠴᠢᠶᠠᠨ ᠵᠢᠶᠠᠩ ᠮᠥᠷᠡᠨ ᠤ ᠲᠦᠯᠬᠢᠭᠡᠨ ᠰᠢᠭ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠰᠦᠯᠳᠡ ᠲᠠᠢ ᠬᠡᠪ ᠨᠠᠮᠪᠠ ᠶᠢᠨ ᠲᠠᠯ᠎ᠠ ᠪᠠᠷ ᠨᠢᠭᠡᠳᠦᠯᠲᠡᠢ ᠶᠤᠮ ᠁    ᠡᠶᠢᠮᠦ ᠵᠢᠷᠤᠭ ᠲᠥᠯᠥᠪᠯᠡᠭᠡ ᠨᠢ ᠭᠦᠨ ᠤᠳᠬ᠎ᠠ ᠠᠭᠤᠯᠭ᠎ᠠ ᠲᠠᠢ ᠠᠵᠢ᠃ ᠬᠠᠩᠵᠧᠦ ᠶᠢᠨ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠤ ︽ᠠᠽᠢᠶ᠎ᠠ ᠲᠢᠪ ᠤᠨ ᠬᠤᠶᠠᠷ ᠲᠠᠮᠢᠷ ᠤᠨ ᠴᠤᠭᠯᠠᠭᠠᠨ ᠠᠳᠠᠯᠢᠬᠠᠨ ᠭᠤᠶᠢᠳᠠ ᠰᠠᠶᠢᠬᠠᠨ︾ ᠪᠠᠶᠢᠬᠤ ᠬᠥᠭᠡᠭᠡᠴᠡᠯᠳᠦᠯ ᠨᠢ ᠶᠠᠭ ᠵᠡᠮᠳᠡᠭᠴᠦᠳ ᠪᠣᠯ ᠨᠡᠶᠢᠭᠡᠮ ᠤᠨ ᠶᠡᠭᠡ ᠭᠡᠷ ᠪᠦᠯᠢ ᠶᠢᠨ ᠡᠷᠬᠡ ᠲᠡᠭᠰᠢ ᠪᠦᠷᠢᠯᠳᠦᠭᠦᠨ ᠮᠥᠨ᠂ ᠪᠦᠭᠦ ᠤᠯᠤᠰ ᠤᠨ ᠠᠷᠠᠳ ᠲᠦᠮᠡᠨ ᠲᠠᠢ ᠤᠯᠤᠰ ᠣᠷᠣᠨ ᠤ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠶᠢ ᠬᠠᠮᠲᠤ ᠪᠠᠷ ᠡᠳ᠋ᠯᠡᠬᠦ ᠢᠯᠡ ᠲᠣᠳᠣ ᠳᠣᠬᠢᠶ᠎ᠠ ᠶᠢ ᠳᠠᠮᠵᠢᠭᠤᠯᠤᠭᠰᠠᠨ ᠪᠠᠶᠢᠨ᠎ᠠ᠃    ᠰᠢᠨ᠎ᠡ ᠴᠠᠭ ᠦᠶ᠎ᠡ ᠠᠴᠠ ᠨᠠᠭᠠᠰᠢ᠂ ᠵᠡᠮᠳᠡᠭᠴᠦᠳ ᠤᠨ ᠠᠵᠢᠯ ᠨᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠴᠢᠬᠤᠯᠠ ᠠᠭᠤᠯᠭ᠎ᠠ ᠪᠣᠯᠵᠤ᠂ ᠵᠡᠮᠳᠡᠭᠴᠦᠳ ᠤᠨ ᠦᠢᠯᠡᠰ ᠢ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠨᠠᠩ ᠭᠦᠢᠴᠡᠳ ᠣᠷᠣᠭᠤᠯᠪᠠ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ᠂ ᠡᠯ᠎ᠡ ᠵᠦᠢᠯ ᠤᠨ ᠣᠨᠣᠴᠠᠲᠠᠢ ᠠᠷᠭ᠎ᠠ ᠬᠡᠮᠵᠢᠶ᠎ᠡ᠂ ᠴᠢᠩᠭ᠎ᠠ ᠡᠷᠴᠢᠮᠲᠦ ᠬᠠᠪᠰᠤᠷᠤᠨ ᠲᠡᠳᠬᠦᠭᠰᠡᠨ ᠪᠠᠶᠢᠳᠠᠯ ᠳᠣᠣᠷ᠎ᠠ᠂ 700 ᠭᠠᠷᠤᠢ ᠲᠦᠮᠡᠨ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠵᠡᠮᠳᠡᠭᠴᠦᠳ ᠲᠦᠢᠯ ᠤᠨ ᠶᠠᠳᠠᠭᠤ ᠬᠦᠴᠢᠷᠳᠡᠯ ᠠᠴᠠ ᠠᠩᠭᠢᠵᠢᠷᠠᠪᠠ᠃ ᠥᠷᠭᠡᠨ ᠣᠯᠠᠨ ᠵᠡᠮᠳᠡᠭᠴᠦᠳ ᠡᠷᠡᠭᠦᠯ ᠬᠥᠮᠥᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠬᠠᠯᠠᠭᠤᠨ ᠳᠤᠯᠠᠭᠠᠨ ᠢ ᠬᠠᠮᠲᠤ ᠪᠠᠷ ᠡᠳ᠋ᠯᠡᠪᠡ᠃    ᠡᠳᠦᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠯᠠᠯᠲᠠ ᠶᠢᠨ ᠪᠦᠷᠢᠶ᠎ᠡ ᠳᠤᠮᠳᠠᠳᠤ ᠶᠢᠨ ᠡᠬᠡ ᠭᠠᠵᠠᠷ ᠲᠤ ᠬᠠᠩᠭᠢᠨᠠᠵᠤ᠂ ᠵᠡᠮᠳᠡᠭᠴᠦᠳ ᠤᠨ ᠦᠢᠯᠡᠰ ᠰᠢᠨ᠎ᠡ ᠠᠶᠠᠨ ᠢᠶᠠᠨ ᠡᠬᠢᠯᠡᠭᠦᠯᠦᠯ᠎ᠡ᠃    ᠲᠤᠰ ᠬᠤᠭᠤᠴᠠᠭᠠᠨ ᠤ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠢ ᠡᠷᠭᠢᠯᠡᠭᠰᠡᠨ ᠵᠧᠵᠢᠶᠠᠩ ᠳᠤ ᠬᠠᠮᠲᠤ ᠪᠠᠷ ᠪᠠᠶᠠᠵᠢᠬᠤ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠭᠦᠷ ᠬᠥᠭᠵᠢᠶᠡᠨ ᠲᠠᠢ ᠶᠠᠪᠤᠭᠳᠠᠵᠤ ᠪᠠᠶᠢᠭ᠎ᠠ ᠦᠶ᠎ᠡ ᠳᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ︽ᠵᠧᠵᠢᠶᠠᠩ ᠤᠨ ᠵᠡᠮᠳᠡᠭᠴᠦᠳ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ ᠵᠡᠮᠳᠡᠭᠴᠦᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠢᠯᠠᠯᠲᠠ ᠶᠢᠨ ᠡᠷᠴᠢᠨ ᠳᠡᠭᠡᠷ᠎ᠡ ᠨᠡᠶᠢᠲᠡᠯᠡᠵᠦ᠂ ᠵᠡᠮᠳᠡᠭᠴᠦᠳ ᠤᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠦᠢᠯᠡᠳᠦᠯᠭᠡ ᠶᠢᠨ ᠠᠷᠭ᠎ᠠ ᠵᠠᠮ ᠢ ᠰᠦᠪᠡᠭᠴᠢᠯᠡᠪᠡ᠃    ᠲᠦᠷᠦᠭᠦᠬᠡᠨ ᠲᠡᠭᠦᠰᠦᠭᠰᠡᠨ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠵᠡᠮᠳᠡᠭ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠳᠤᠮᠳᠠ ᠴᠢᠷᠮᠠᠶᠢᠨ ᠲᠡᠮᠡᠴᠡᠵᠦ᠂ ᠨᠡᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︾ ᠭᠡᠵᠦ ᠴᠢᠩᠭ᠎ᠠ ᠤᠷᠢᠶᠠᠯᠠᠭᠰᠠᠨ ᠪᠥᠭᠡᠳ ᠬᠤᠶᠢᠰᠢᠳᠠ ᠶᠢᠨ ᠲᠠᠪᠤᠨ ᠵᠢᠯ ᠳᠤ ᠵᠡᠮᠳᠡᠭᠴᠦᠳ ᠤᠨ ᠠᠵᠢᠯ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠰᠢᠰᠲ᠋ᠧᠮ ᠲᠠᠢ ᠲᠥᠯᠦᠪᠵᠢᠭᠦᠯᠭᠡ ᠪᠠᠶᠢᠷᠢᠯᠠᠭᠤᠯᠤᠯᠲᠠ ᠬᠢᠵᠡᠢ᠃    ᠠᠭᠤᠤ ᠶᠡᠭᠡ ᠡᠬᠡ ᠤᠯᠤᠰ ᠤᠨ ᠢᠶᠠᠨ ᠬᠠᠯᠠᠭᠤᠨ ᠡᠯᠢᠭᠡᠨ ᠳᠤ᠂ 8500 ᠲᠦᠮᠡ ᠰᠢᠬᠠᠮ ᠵᠡᠮᠳᠡᠭ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 29 ᠤ ᠴᠠᠭᠢᠯᠭᠠᠨ ᠮᠡᠳᠡᠭᠡ︶    
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ