ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠣᠭᠠᠴᠢᠯᠠᠭᠰᠠᠨ ᠤᠶᠤᠨ ᠴᠢᠳᠠᠪᠤᠷᠢ ᠳᠤ ᠠᠩᠬᠠᠷᠤᠯ ᠢᠶᠠᠨ ᠬᠠᠨᠳᠤᠭᠤᠯᠤᠨ᠎ᠠ
ᠨᠡᠶᠢᠲᠡᠯᠡᠭᠰᠡᠨ ᠴᠠᠭ᠄
2023/11/7
     — ᠵᠢᠷᠭᠤᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠤᠨ ᠲᠤᠬᠠᠢ ᠪᠠᠷᠠᠯᠠᠯ    ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ 11 ᠰᠠᠷ᠎ᠠ ᠶᠢᠨ 5 ᠠᠴᠠ 10 ᠤ ᠡᠳᠦᠷ ᠪᠤᠯᠲᠠᠯ᠎ᠠ ᠱᠠᠩᠬᠠᠢ ᠳᠤ ᠶᠠᠪᠤᠭᠳᠠᠨ᠎ᠠ᠃ ᠥᠩᠭᠡᠷᠡᠭᠰᠡᠨ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠡᠭᠡᠷ᠎ᠡ᠂ ᠠᠵᠤ ᠠᠬᠤᠶᠢᠯᠠᠯ ᠤᠨ ᠬᠤᠳᠠᠯᠳᠤᠭᠠᠨ ᠤ ᠦᠵᠡᠰᠭᠦᠯᠡᠩ ᠤᠨ ᠵᠢᠷᠭᠤᠭᠠᠨ ᠶᠡᠭᠡ ᠦᠵᠡᠰᠭᠦᠯᠡᠩ ᠤᠨ ᠲᠣᠭᠤᠷᠢᠭ ᠲᠤ᠂ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠨᠢ ᠲᠡᠭᠦᠨ ᠤ ᠦᠵᠡᠰᠭᠦᠯᠡᠩ ᠤᠨ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠥᠨᠳᠥᠷ ᠠᠴᠠ ᠪᠣᠯᠵᠤ ᠬᠥᠮᠥᠰ ᠤᠨ ᠪᠠᠭ᠋ᠠᠷᠬᠠᠯ ᠢ ᠬᠠᠮᠤᠭ ᠢᠯᠡᠭᠦᠦ ᠣᠯᠳᠠᠭ ᠦᠵᠡᠰᠭᠦᠯᠡᠩ ᠤᠨ ᠲᠣᠭᠤᠷᠢᠭ ᠤᠨ ᠨᠢᠭᠡ ᠪᠣᠯᠣᠭᠰᠠᠭᠠᠷ ᠢᠷᠡᠵᠠᠢ᠃ ᠵᠢᠷᠭᠤᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠠᠬᠤᠢ ᠲᠠᠯᠠᠪᠠᠢ ᠳᠤ ᠡᠷᠭᠢᠯᠡᠭᠦ ᠶᠢ ᠪᠦᠭᠦ ᠲᠠᠯ᠎ᠠ ᠪᠠᠷ ᠰᠡᠷᠭᠦᠭᠡᠵᠦ᠂ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠲᠤ ᠪᠠᠰᠠ ᠨᠡᠩ ᠤᠯᠠᠨ ᠬᠤᠰᠢᠭᠤᠷᠠᠯ ᠮᠡᠷᠭᠡᠵᠢᠯ ᠪᠣᠯᠣᠨ ᠳᠡᠭᠡᠳᠦ ᠲᠡᠰ ᠤᠨ ᠲᠣᠨᠣᠭᠯᠠᠯ ᠢ ᠲᠥᠪᠯᠡᠷᠡᠭᠦᠯᠵᠦ᠂ ᠠᠵᠢᠯ ᠲᠦᠷᠦᠯ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠲᠣᠭᠠᠴᠢᠯᠠᠭᠰᠠᠨ ᠤᠶᠤᠨ ᠴᠢᠳᠠᠪᠤᠷᠢ ᠵᠡᠷᠭᠡ ᠲᠠᠯ᠎ᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃    ᠣᠶᠤᠨᠴᠢᠯᠠᠯᠲᠠ ᠶᠢᠨ ᠬᠠᠨᠳᠤᠰᠢ ᠲᠣᠪᠤᠶᠢᠮ᠎ᠠ ᠪᠣᠯᠪᠠ    ᠫᠢᠩᠫᠠᠩ ᠪᠥᠮᠪᠦᠭᠡ ᠶᠢᠨ ᠲᠤᠰᠬᠠᠢ ᠲᠠᠮᠢᠷᠴᠢᠨ ᠲᠠᠢ ᠠᠳᠠᠯᠢ ᠪᠠᠷ᠂ ᠫᠢᠩᠫᠠᠩ ᠪᠥᠮᠪᠦᠭᠡ ᠶᠢᠨ ᠳᠠᠰᠬᠠᠯᠵᠢᠭᠤᠯᠤᠭᠴᠢ ᠶᠢᠨ ᠮᠠᠰᠢᠨ ᠬᠥᠮᠥᠨ ᠪᠠᠰᠠ ᠴᠢᠨᠠᠷ ᠰᠠᠶᠢᠲᠠᠢ ᠳᠡᠭᠡᠭᠰᠢ ᠡᠷᠭᠢᠯᠳᠦᠬᠦ ᠪᠥᠮᠪᠦᠭᠡ᠂ ᠳᠣᠷᠣᠭᠰᠢ ᠡᠷᠭᠢᠯᠳᠦᠬᠦ ᠪᠥᠮᠪᠦᠭᠡ ᠶᠢ ᠴᠣᠬᠢᠵᠤ ᠴᠢᠳᠠᠨ᠎ᠠ᠃ ᠲᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ᠂ ᠦᠵᠡᠰᠭᠦᠯᠡᠩ ᠳᠤ ᠣᠷᠣᠯᠴᠠᠬᠰᠠᠨ ᠦᠵᠡᠭᠴᠢᠳ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠤᠨ ᠤᠮᠷᠦᠨ ᠦᠵᠡᠰᠭᠦᠯᠡᠩ ᠤᠨ ᠪᠠᠶᠢᠷᠢ ᠳᠤ ᠫᠢᠩᠫᠠᠩ ᠪᠥᠮᠪᠦᠭᠡ ᠶᠢᠨ ᠬᠡᠪᠯᠡᠯ ᠤᠨ ︽ᠬᠥᠮᠥᠨ ᠮᠠᠰᠢᠨ ᠤ ᠤᠷᠤᠯᠳᠤᠭᠠᠨ︾ ᠢ ᠪᠡᠶᠡᠴᠢᠯᠡᠨ ᠣᠶᠢᠯᠠᠭᠠᠵᠤ ᠪᠣᠯᠣᠨ᠎ᠠ᠃    ︽ᠦᠨᠡᠨ ᠪᠣᠳᠠᠲᠠᠢ ᠪᠡᠶᠡᠴᠢ ᠣᠶᠢᠯᠠᠭᠠᠯᠲᠠ︾ ᠶᠢᠨ ᠠᠷᠤ ᠳᠤ ᠬᠤᠯᠪᠣᠭᠳᠠᠯ ᠪᠦᠬᠦᠢ ᠣᠶᠤᠨᠲᠤ ᠮᠡᠷᠭᠡᠵᠢᠯ ᠤᠨ ᠲᠤᠯᠭᠠᠭᠤᠷᠢᠯᠠᠯ ᠪᠤᠢ᠃ ᠲᠠᠨᠢᠯᠴᠠᠭᠤᠯᠤᠭᠰᠠᠨ ᠢᠶᠠᠷ᠂ ᠤᠮᠷᠦᠨ ᠤ ᠡᠨᠡ ᠵᠢᠯ ᠦᠵᠡᠰᠭᠦᠯᠡᠩ ᠳᠤ ᠳᠡᠯᠭᠡᠨ ᠦᠵᠡᠭᠦᠯᠭᠦ ᠪᠠᠷ ᠠᠪᠴᠢᠷᠠᠭᠰᠠᠨ ᠨᠠᠢᠮᠠᠳᠤᠭᠠᠷ ᠦᠶ᠎ᠡ ᠶᠢᠨ ᠫᠢᠩᠫᠠᠩ ᠪᠥᠮᠪᠦᠭᠡ ᠶᠢᠨ ᠳᠠᠰᠬᠠᠯᠵᠢᠭᠤᠯᠤᠭᠴᠢ ᠶᠢᠨ ᠮᠠᠰᠢᠨ ᠬᠥᠮᠥᠨ ᠨᠢ ᠮᠠᠰᠢᠨ ᠬᠢᠭᠡᠳ ᠬᠥᠮᠥᠨ ᠤ ᠬᠤᠭᠤᠷᠣᠨᠳᠣᠭᠢ ᠣᠶᠢᠯᠠᠭᠠᠯᠴᠠᠭ᠎ᠠ ᠶᠢ ᠪᠡᠶᠡᠯᠡᠭᠦᠯᠬᠦ ᠲᠠᠯ᠎ᠠ ᠪᠠᠷ ᠴᠢᠨᠠᠭᠰᠢᠳᠠ ᠳᠡᠭᠡᠭᠰᠢᠯᠡᠪᠡ᠃ ᠤᠮᠷᠦᠨ ᠤ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠤᠣᠰ ᠴᠢᠭᠯᠡᠯᠲᠦ ᠠᠪᠢᠶ᠎ᠠ ᠪᠠᠷ ᠬᠠᠷᠢᠯᠴᠠᠬᠤ ᠳᠤ ᠲᠦᠰᠢᠭᠯᠡᠨ᠂ ᠬᠥᠮᠥᠨ ᠪᠣᠯᠣᠨ ᠮᠠᠰᠢᠨ ᠨᠢ ᠪᠣᠯᠪᠠᠰᠤᠷᠠᠯ ᠤᠨ ᠪᠤᠳᠣᠯ ᠰᠠᠨᠠᠯ ᠢᠶᠠᠨ ᠨᠡᠪᠲᠡᠷᠡᠯᠴᠡᠵᠦ᠂ ᠣᠶᠤᠨᠴᠢ ᠪᠠᠷ ᠪᠥᠮᠪᠦᠭᠡ ᠮᠥᠷᠦ᠋ᠢᠴᠡᠬᠦ ᠶᠢ ᠲᠥᠯᠥᠪᠵᠢᠭᠦᠯᠵᠦ᠂ ᠬᠡᠷᠡᠭᠯᠡᠭᠴᠢ ᠶᠢᠨ ᠬᠥᠳᠡᠯᠭᠡᠭᠡᠨ ᠤ ᠢᠯᠡᠷᠡᠯ ᠢ ᠳᠡᠭᠡᠭᠰᠢᠯᠡᠭᠦᠯᠵᠦ ᠪᠣᠯᠣᠨ᠎ᠠ᠃    ᠣᠶᠤᠨᠴᠢᠯᠠᠯᠲᠠ ᠶᠢᠨ ᠬᠠᠨᠳᠤᠰᠢ ᠨᠢ ᠬᠥᠳᠡᠯᠭᠡᠭᠡᠨ ᠤ ᠪᠣᠯᠪᠠᠰᠤᠷᠠᠯ ᠳᠤ ᠭᠦᠨᠵᠡᠭᠡᠢ ᠬᠤᠪᠢᠷᠠᠯᠲᠠ ᠶᠢ ᠠᠪᠴᠢᠷᠠᠭᠰᠠᠨ ᠢᠶᠠᠷ ᠪᠠᠷᠠᠬᠤ ᠦᠭᠡᠢ᠂ ᠬᠥᠮᠥᠰ ᠤᠨ ᠢᠳᠡᠵᠦ ᠡᠮᠦᠰᠬᠦ ᠶᠠᠪᠤᠵᠤ ᠰᠠᠭᠤᠬᠤ ᠶᠢ ᠴᠤ ᠰᠢᠭᠤᠳ ᠨᠥᠯᠥᠭᠡᠯᠡᠵᠦ ᠪᠠᠶᠢᠨ᠎ᠠ᠃ ᠭᠤᠤ ᠲᠦᠩ ᠠᠴᠠ ᠭᠤᠷᠪᠠᠳᠤᠭᠠᠷ ᠦᠶ᠎ᠡ ᠶᠢᠨ ᠰᠢᠶᠣᠣ ᠯᠦᠩ 8 ᠶᠢᠨ ᠬᠤᠰᠢᠭᠤᠴᠢ ᠰᠢᠯᠵᠢᠭᠡ ᠲᠠᠪᠴᠠᠩ ᠢ ᠠᠪᠴᠢᠷᠠᠵᠤ᠂ 5G ᠪᠠ AI ᠭᠠᠷ ᠤᠲᠠᠰᠤ᠂ ᠮᠠᠰᠢᠨ ᠲᠡᠷᠭᠡ᠂ ᠡᠮᠦᠰᠴᠦ ᠵᠡᠭᠦᠵᠦ ᠪᠤᠯᠬᠤ ᠲᠥᠬᠦᠭᠡᠷᠦᠮᠵᠢ ᠵᠡᠷᠭᠡ ᠡᠯ᠎ᠡ ᠲᠥᠷᠥᠯ ᠤᠨ ᠦᠵᠦᠭᠦᠷᠯᠢᠭ ᠲᠥᠬᠦᠭᠡᠷᠦᠮᠵᠢ ᠶᠢᠨ ᠠᠪᠴᠢᠷᠠᠭᠰᠠᠨ ᠰᠢᠨ᠎ᠡ ᠥᠩᠭᠡᠷᠡᠯᠲᠡ ᠶᠢ ᠴᠢᠨᠠᠭᠰᠢᠳᠠ ᠢᠯᠡᠷᠡᠭᠦᠯᠬᠦ ᠪᠣᠯᠣᠨ᠎ᠠ᠃    ᠭᠤᠤ ᠲᠦᠩ ᠺᠤᠮᠫᠠᠨᠢ ᠶᠢᠨ ᠳᠤᠮᠳᠠᠳᠤ ᠤᠯᠤᠰ ᠤᠨ ᠲᠣᠭᠤᠷᠢᠭ ᠤᠨ ᠬᠡᠷᠡᠭ ᠮᠡᠳᠡᠭᠴᠢᠳ ᠤᠨ ᠳᠠᠷᠤᠭ᠎ᠠ ᠮᠧᠩ ᠫᠦ᠋᠄ ︽ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠵᠠᠯᠭᠠᠭ᠎ᠠ ᠪᠠᠷ ᠵᠢᠷᠭᠤᠭ᠎ᠠ ᠤᠳᠠᠭ᠎ᠠ ᠣᠷᠣᠯᠴᠠᠪᠠ᠂ ᠪᠢᠳᠡᠨ ᠤ ᠳᠡᠯᠭᠡᠨ ᠦᠵᠡᠭᠦᠯᠦᠭᠰᠡᠨ ᠪᠣᠳᠠᠰ ᠨᠡᠩ ᠤᠯᠠᠨ ᠶᠠᠩᠵᠤ ᠶᠢᠨ ᠪᠣᠯᠵᠤ᠂ ᠳᠤᠮᠳᠠᠳᠤ ᠤᠯᠤᠰ ᠲᠠᠬᠢ ᠬᠠᠮᠲᠤᠷᠠᠯᠴᠠᠭᠠᠨ ᠤ ᠬᠠᠨᠢᠲᠠᠨ ᠶᠠᠪᠤᠬᠤ ᠲᠤᠳᠤᠮ ᠣᠯᠠᠰᠢᠷᠠᠵᠤ ᠪᠠᠶᠢᠨ᠎ᠠ︾ ᠭᠡᠪᠡ᠃    ᠠᠳᠠᠯᠢᠬᠠᠨ ᠢᠶᠠᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠺᠤᠮᠫᠠᠨᠢ ᠪᠣᠯᠤᠭᠰᠠᠨ ᠤ ᠬᠤᠪᠢ ᠳᠤ᠂ ᠰᠦᠸᠧᠨᠢ ᠪᠠᠰᠠ ᠳᠠᠷᠠᠭᠠᠯᠠᠨ ᠵᠢᠷᠭᠤᠭ᠎ᠠ ᠤᠳᠠᠭ᠎ᠠ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠪᠠ᠃ ᠰᠦᠸᠧᠨᠢ ︵ᠳᠤᠮᠳᠠᠳᠤ ᠤᠯᠤᠰ︶ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠭᠴᠢ ᠶᠤᠱᠢᠳᠠ ᠲᠠᠺᠧᠱᠢ᠄ ︽ᠰᠦᠸᠧᠨᠢ ᠲᠤᠬᠠᠶᠢᠯᠠᠭᠰᠠᠨ ᠠᠵᠢᠯ ᠤᠨ ᠤᠯᠠᠨ ᠡᠰᠢᠵᠢᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠳᠤ ᠢᠳᠡᠪᠬᠢᠲᠡᠢ ᠣᠷᠤᠯᠴᠠᠬᠤ ᠶᠢᠨ ᠬᠠᠮᠲᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠷᠨᠢᠨ ᠬᠥᠭᠵᠢᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠪᠡ᠃    ᠪᠣᠬᠢᠷᠳᠤᠯ ᠦᠭᠡᠢ ᠶᠢᠨ ᠤᠷᠤᠰᠬᠠᠯ ᠥᠷᠨᠢᠨ ᠬᠥᠭᠵᠢᠪᠡ    ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠲᠣᠮᠣ ᠲᠠᠪᠴᠠᠩ ᠨᠢ ᠴᠦ ᠦᠵᠡᠰᠭᠦᠯᠡᠩ ᠳᠤ ᠣᠷᠣᠯᠴᠠᠬᠰᠠᠨ ᠠᠵᠤ ᠠᠬᠤᠶᠢᠯᠠᠯ ᠤᠨ ᠲᠣᠰ ᠲᠣᠰ ᠤᠨ ᠢᠶᠠᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠶᠢᠨ ᠲᠥᠰᠥᠯ ᠢᠶᠠᠨ ᠢᠯᠡᠷᠡᠭᠦᠯᠬᠦ ᠳᠤ ᠲᠣᠮᠣ ᠲᠠᠪᠴᠠᠩ ᠪᠣᠯᠵᠠᠢ᠃    ᠦᠵᠡᠰᠭᠦᠯᠡᠩ ᠳᠤ ᠣᠷᠣᠯᠴᠠᠬᠰᠠᠨ ᠠᠵᠤ ᠠᠬᠤᠶᠢᠯᠠᠯ ᠳ᠋ᠦᠩ ᡁᠢ ᠶᠢᠨ ᠳᠡᠯᠭᠡᠨ ᠦᠵᠡᠭᠦᠯᠦᠭᠰᠡᠨ ᠴᠢᠳᠠᠮᠵᠢᠲᠤ ᠬᠠᠭᠠᠰ ᠳᠠᠮᠵᠢᠭᠤᠯᠤᠭᠴᠢ᠂ ᠨᠡᠭᠦᠷᠡᠰᠦᠲᠥ᠋ᠷᠥᠭᠴᠢ ᠶᠢ ᠣᠯᠵᠠᠯᠠᠬᠤ ᠮᠡᠷᠭᠡᠵᠢᠯ᠂ ᠤᠰᠤ ᠲᠠᠲᠠᠵᠤ ᠡᠨᠧᠷᠭᠢ ᠬᠠᠳᠠᠭᠠᠯᠠᠬᠤ ᠲᠣᠮᠣ ᠭᠡᠯᠪᠡᠷᠢ ᠶᠢᠨ ᠮᠠᠰᠢᠨ ᠴᠣᠭᠴᠠᠯᠠᠪᠤᠷᠢ ᠶᠢᠨ ᠤᠰᠤᠨ ᠬᠦᠴᠦᠨ ᠤ ᠲᠥᠬᠦᠭᠡᠷᠦᠮᠵᠢ ᠵᠡᠷᠭᠡ ᠨᠢ ᠴᠥᠮ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠷ ᠭᠤᠣᠯ ᠰᠡᠳᠦᠪ ᠪᠣᠯᠭᠠᠵᠠᠢ᠃ ᠦᠵᠡᠰᠭᠦᠯᠡᠩ ᠳᠤ ᠣᠷᠣᠯᠴᠠᠬᠰᠠᠨ ᠦᠵᠡᠭᠴᠢᠳ ᠳ᠋ᠦᠩ ᡁᠢ ᠶᠢᠨ ᠦᠵᠡᠰᠭᠦᠯᠡᠩ ᠤᠨ ᠪᠠᠶᠢᠷᠢ ᠠᠴᠠ ᠨᠢᠭᠡ ᠵᠦᠢᠯ ᠤᠨ ᠮᠧᠲ᠋ᠢᠯ ᠠᠯᠺᠤᠣᠯ ᠤᠰᠤᠲᠥ᠋ᠷᠥᠭᠴᠢᠲᠤ ᠴᠠᠭᠢᠯᠭᠠᠨ ᠭᠠᠷᠭᠠᠬᠤ ᠮᠠᠰᠢᠨ ᠢ ᠣᠯᠵᠤ ᠬᠠᠷᠠᠨ᠎ᠠ᠂ ᠡᠨᠡ ᠪᠣᠯ ᠳᠤᠮᠳᠠᠳᠤ ᠤᠯᠤᠰ ᠤᠨ ᠠᠩᠬ᠎ᠠ ᠪᠠᠶᠢᠭᠤᠯᠤᠭᠰᠠᠨ ᠠᠵᠤ ᠠᠬᠤᠶᠢᠯᠠᠯ ᠠᠴᠠ ᠳ᠋ᠦᠩ ᡁᠢ ᠶᠢᠨ ᠴᠠᠭᠢᠯᠭᠠᠨ ᠰᠢᠯᠢᠯᠲᠡ ᠵᠡᠷᠭᠡ ᠮᠡᠷᠭᠡᠵᠢᠯ ᠢ ᠠᠰᠢᠭᠯᠠᠨ ᠰᠤᠳᠤᠯᠤᠨ ᠦᠢᠯᠡᠳᠴᠦ ᠦᠢᠯᠡᠳᠪᠦᠷᠢᠯᠡᠭᠰᠡᠨ ᠪᠣᠬᠢᠷᠳᠤᠯ ᠦᠭᠡᠢ ᠬᠥᠳᠡᠯᠭᠡᠬᠦ ᠬᠦᠴᠦᠨ ᠤ ᠦᠢᠯᠡᠳᠬᠦᠨ ᠪᠣᠯᠣᠨ᠎ᠠ᠃    ᠳ᠋ᠦᠩ ᡁᠢ ︵ᠳᠤᠮᠳᠠᠳᠤ ᠤᠯᠤᠰ︶ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠶᠡᠷᠦᠩᠬᠡᠢ ᠵᠠᠬᠢᠷᠤᠯ ᠶᠠᠺᠢ ᠲᠠᠺᠠᠱᠢ᠄ ︽ᠳ᠋ᠦᠩ ᡁᠢ ᠳᠤᠮᠳᠠᠳᠤ ᠤᠯᠤᠰ ᠤᠨ ᠲᠤᠰ ᠭᠠᠵᠠᠷ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠭᠦᠯᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠬᠡᠷᠡᠭᠯᠡᠭᠴᠢᠳ ᠲᠤ ᠨᠡᠩ ᠰᠢᠨ᠎ᠡ ᠡᠭᠦᠳᠦᠯᠲᠡ ᠶᠢᠨ ᠦᠢᠯᠡᠳᠬᠦᠨ ᠪᠠ ᠦᠢᠯᠡᠴᠢᠯᠡᠭᠡ ᠬᠠᠩᠭᠠᠬᠤ ᠪᠣᠯᠣᠨ᠎ᠠ︾ ᠭᠡᠪᠡ᠃    ᠰᠦᠯᠢᠶᠥᠦ ᠪᠠ ᠭᠤᠮ ᠤᠨ ᠮᠠᠰᠢᠨ ᠮᠧᠬᠠᠨᠢᠭ ᠦᠢᠯᠡᠳᠬᠦ ᠬᠤᠳᠠᠯᠳᠤᠭᠠᠴᠢᠨ ᠪᠣᠯᠤᠭᠰᠠᠨ ᠤ ᠬᠤᠪᠢ ᠳᠤ ᠺᠧᠯᠤᠰᠮᠠᠹᠸᠢ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠬᠦᠷᠢᠶᠡᠨ ᠳᠠᠬᠢ ᠠᠯᠢ ᠣᠯᠠᠨ ᠰᠢᠢᠳᠪᠦᠷᠢᠯᠡᠬᠦ ᠲᠥᠰᠥᠯ ᠢ ᠳᠡᠯᠭᠡᠨ ᠦᠵᠡᠭᠦᠯᠭᠦ ᠪᠣᠯᠣᠨ᠎ᠠ᠃ ᠺᠧᠯᠤᠰᠮᠠᠹᠸᠢ ᠪᠦᠯᠦᠭᠯᠡᠯ ᠤᠨ ᠲᠡᠷᠢᠭᠦᠨ ᠭᠦᠢᠴᠡᠳᠭᠡᠭᠴᠢ ᠯᠢ ᠶᠦᠩ᠄ ︽ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠲᠠᠪᠴᠠᠩ ᠢᠶᠠᠷ ᠳᠠᠮᠵᠢᠭᠤᠯᠵᠤ᠂ ᠪᠢᠳᠠ ᠬᠡᠷᠡᠭᠯᠡᠭᠴᠢᠳ ᠤᠨ ᠬᠡᠷᠡᠭᠴᠡᠭᠡ ᠶᠢ ᠴᠢᠨᠠᠭᠰᠢᠳᠠ ᠣᠶᠢᠯᠠᠭᠠᠵᠤ᠂ ᠦᠷᠭᠦᠯᠵᠢᠯᠡᠨ ᠮᠡᠷᠭᠡᠵᠢᠯ ᠤᠨ ᠰᠤᠳᠤᠯᠭᠠᠨ ᠬᠢᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠴᠢᠨᠠᠷ ᠰᠠᠶᠢᠲᠠᠢ ᠦᠢᠯᠡᠳᠬᠦᠨ᠂ ᠦᠢᠯᠡᠴᠢᠯᠡᠭᠡ ᠪᠣᠯᠣᠨ ᠰᠢᠢᠳᠪᠦᠷᠢᠯᠡᠬᠦ ᠲᠥᠰᠥᠯ ᠬᠠᠩᠭᠠᠨ᠎ᠠ︾ ᠭᠡᠪᠡ᠃    ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠬᠠᠭᠤᠴᠢᠨ ᠨᠠᠶᠢᠵᠠ ᠱᠧᠨᠠᠶᠢᠳᠧ ︽ᠰᠢᠨ᠎ᠡ ᠶᠢ ᠡᠭᠦᠳᠬᠦ ᠪᠠᠷ ᠠᠮᠢ ᠠᠬᠤᠢ ᠶᠢ ᠠᠭᠤᠰᠤᠯᠴᠠᠭᠤᠯᠵᠤ᠂ ᠬᠤᠣᠰ ᠭᠡᠯᠪᠡᠷᠢ ᠶᠢᠨ ᠬᠤᠪᠢᠷᠠᠯᠲᠠ ᠶᠢ ᠲᠦᠷᠭᠡᠳᠬᠡᠬᠦ︾ ᠪᠠᠷ ᠭᠤᠣᠯ ᠰᠡᠳᠦᠪ ᠪᠣᠯᠭᠠᠨ ᠦᠵᠡᠰᠭᠦᠯᠡᠩ ᠳᠤ ᠣᠷᠣᠯᠴᠠᠵᠤ᠂ 14 ᠠᠵᠢᠯ ᠲᠥᠷᠥᠯ ᠢ ᠬᠠᠮᠤᠷᠤᠭᠰᠠᠨ ᠨᠡᠭᠦᠷᠡᠰᠦᠲᠥ᠋ᠷᠥᠭᠴᠢ ᠦᠭᠡᠢ ᠬᠡᠷᠡᠭᠯᠡᠭᠡᠨ ᠤ ᠦᠵᠡᠭᠳᠡᠯ ᠵᠡᠷᠭᠡ ᠪᠠᠷ ᠳᠠᠮᠵᠢᠭᠤᠯᠵᠤ ᠱᠧᠨᠠᠶᠢᠳᠧ ᠶᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠴᠢᠳᠠᠪᠤᠷᠢ ᠶᠢ ᠪᠦᠭᠦ ᠲᠠᠯ᠎ᠠ ᠪᠠᠷ ᠢᠯᠡᠷᠡᠭᠦᠯᠬᠦ ᠪᠣᠯᠣᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠥᠰᠥᠯ ᠢ ᠦᠵᠡᠰᠭᠦᠯᠡᠩ ᠤᠨ ᠣᠷᠳᠣᠨ ᠳᠤ ᠳᠡᠯᠭᠡᠨ ᠦᠵᠡᠭᠦᠯᠭᠦ ᠪᠠᠷ ᠪᠠᠷᠠᠬᠤ ᠦᠭᠡᠢ ᠪᠠᠰᠠ ᠦᠵᠡᠰᠭᠦᠯᠡᠩ ᠤᠨ ᠣᠷᠳᠣᠨ ᠤ ᠭᠠᠳᠠᠨ᠎ᠠ ᠨᠠᠶᠢᠳᠠᠪᠤᠷᠢᠵᠢᠭᠤᠯᠤᠨ᠎ᠠ᠃ ᠡᠨᠡ ᠵᠢᠯ ᠤᠨ 7 ᠰᠠᠷ᠎ᠠ ᠳᠤ᠂ ᠱᠧᠨᠠᠶᠢᠳᠧ ᠶᠢᠨ ᠱᠠᠩᠬᠠᠢ ᠳᠠᠬᠢ ᠺᠠᠩ ᠴᠢᠶᠣᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠪᠠᠶᠢᠭᠤᠯᠤᠭᠳᠠᠵᠤ᠂ ᠠᠭᠠᠷ ᠤᠨ ᠬᠡᠯᠬᠢᠶ᠎ᠡ ᠲᠠᠰᠤᠯᠤᠭᠤᠷ ᠤᠨ ᠪᠦᠭᠦ᠋ᠢᠯᠡ ᠦᠢᠯᠡᠳᠪᠦᠷᠢᠯᠡᠯ ᠤᠨ ᠴᠢᠳᠠᠪᠤᠷᠢ 30% ᠪᠠᠷ ᠳᠡᠭᠡᠭᠰᠢᠯᠡᠵᠦ᠂ ᠳᠤᠮᠳᠠᠳᠤ ᠤᠯᠤᠰ ᠪᠣᠯᠣᠨ ᠪᠦᠭᠦ ᠪᠥᠮᠪᠥᠷᠴᠡᠭ ᠤᠨ ᠴᠠᠭᠢᠯᠭᠠᠨ ᠬᠦᠴᠦᠨ ᠤ ᠰᠢᠰᠲ᠋ᠧᠮ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠳᠤ ᠬᠦᠴᠦᠨ ᠨᠡᠮᠡᠷᠢᠯᠡᠪᠡ᠃    ᠱᠧᠨᠠᠶᠢᠳᠧ ᠴᠠᠭᠢᠯᠭᠠᠨ ᠬᠦᠴᠦᠨ ᠤ ᠺᠤᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠢ ᠵᠠᠬᠢᠷᠤᠭᠴᠢ ᠶᠢᠨ ᠵᠧᠩ᠂ ᠱᠧᠨᠠᠶᠢᠳᠧ ᠶᠢᠨ ᠬᠢᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠲᠠᠪᠴᠠᠩ ᠢ ᠠᠰᠢᠭᠯᠠᠵᠤ᠂ ᠠᠮᠢ ᠠᠬᠤᠢ ᠶᠢᠨ ᠬᠠᠨᠢᠲᠠᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠲᠠᠢ ᠭᠠᠷ ᠬᠤᠯᠪᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠭᠡᠪᠡ᠃    ᠨᠡᠭᠡᠭᠡᠯᠲᠡᠲᠤ ᠬᠠᠮᠲᠤᠷᠠᠯᠴᠠᠭ᠎ᠠ ᠶᠢᠨ ᠲᠠᠪᠴᠠᠩ ᠤᠨ ᠦᠢᠯᠡᠳᠦᠯ ᠤᠯᠠᠮ ᠶᠡᠬᠡᠰᠪᠡ    ᠡᠨᠡ ᠵᠢᠯ ᠪᠣᠯ ᠳᠤᠮᠳᠠᠳᠤ ᠤᠯᠤᠰ ᠤᠨ ᠠᠩᠬᠠᠳᠠᠭᠴᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ - ᠳᠤᠮᠳᠠᠳᠤ ᠤᠯᠤᠰ ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠠᠶᠢᠭᠤᠯᠤᠭᠳᠠᠭᠰᠠᠨ 10 ᠵᠢᠯ ᠤᠨ ᠤᠢ ᠪᠣᠯᠣᠨ᠎ᠠ᠃ 2018 ᠣᠨ ᠤ 11 ᠰᠠᠷ᠎ᠠ ᠳᠤ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠡᠭᠡᠷ᠎ᠡ᠂ ᠲᠥᠪ ᠠᠴᠠ ᠱᠠᠩᠬᠠᠢ ᠳᠤ ᠲᠤᠰᠢᠶᠠᠭᠰᠠᠨ ᠭᠤᠷᠪᠠᠨ ᠴᠢᠬᠤᠯᠠ ᠶᠡᠭᠡ ᠰᠢᠨ᠎ᠡ ᠡᠭᠦᠷᠭᠡ ᠶᠢᠨ ᠨᠢᠭᠡ ᠨᠢ ᠳᠠᠷᠤᠢ ᠳᠤᠮᠳᠠᠳᠤ ᠤᠯᠤᠰ ︵ᠱᠠᠩᠬᠠᠢ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠶᠢᠨ ᠰᠢᠨ᠎ᠡ ᠲᠣᠭᠤᠷᠢᠭ ᠢ ᠨᠡᠮᠡᠵᠦ ᠪᠠᠶᠢᠭᠤᠯᠬᠤ ᠶᠠᠪᠤᠳᠠᠯ ᠪᠣᠯᠣᠨ᠎ᠠ᠃    ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠣᠯᠣᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ᠂ ᠭᠠᠳᠠᠭᠠᠳᠤ ᠨᠡᠭᠡᠭᠡᠯᠲᠡ ᠪᠣᠯ ᠴᠥᠮ ᠲᠡᠭᠦᠨ ᠤ ᠬᠥᠭᠵᠢᠯᠲᠡ ᠶᠢᠨ ᠶᠠᠪᠤᠴᠠ ᠳᠤ ᠲᠤᠭᠤᠰᠢᠯᠠᠭᠳᠠᠵᠤ ᠪᠠᠶᠢᠭ᠎ᠠ ᠵᠠᠩᠭᠢᠯᠠᠭ᠎ᠠ ᠶᠢᠨ ᠦᠭᠡ ᠪᠣᠯᠣᠨ᠎ᠠ᠃ ᠲᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠲᠤ ᠪᠠᠰᠠ ᠴᠥᠭᠡᠨ ᠪᠤᠰᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠡᠯᠧᠮᠧᠨ᠋ᠲ ᠨᠡᠮᠡᠭᠳᠡᠪᠡ᠃    ᠬᠤᠷᠠᠮᠠᠯ ᠴᠠᠭᠢᠯᠭᠠᠨ ᠬᠡᠯᠬᠢᠶ᠎ᠡ᠂ ᠣᠶᠤᠨᠴᠢ ᠦᠢᠯᠡᠳᠬᠡᠯ ᠵᠡᠷᠭᠡ ᠮᠡᠷᠭᠡᠵᠢᠯ ᠤᠨ ᠲᠣᠨᠣᠭᠯᠠᠯ ᠤᠨ ᠠᠵᠢᠯ ᠲᠥᠷᠥᠯ ᠤᠨ ᠲᠥᠯᠥᠭᠡᠯᠡᠬᠦ ᠴᠢᠨᠠᠷᠲᠠᠢ ᠠᠵᠤ ᠦᠢᠯᠡᠰ ᠪᠤᠯ ᠮᠥᠨ ᠴᠦ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠬᠥᠭᠵᠢᠭᠦᠯᠬᠦ ᠠᠵᠤ ᠦᠢᠯᠡᠰ ᠪᠣᠯᠣᠨ᠎ᠠ᠃ ᠲᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠮᠡᠷᠭᠡᠵᠢᠯ ᠲᠣᠨᠣᠭᠯᠠᠯ ᠤᠨ ᠦᠵᠡᠰᠭᠦᠯᠡᠩ ᠤᠨ ᠲᠣᠭᠤᠷᠢᠭ ᠤᠨ ᠴᠢᠳᠠᠪᠤᠷᠢᠲᠠᠨ ᠡᠯᠰᠡᠬᠦ ᠦᠵᠡᠰᠭᠦᠯᠡᠩ ᠤᠨ ᠬᠠᠮᠲᠤᠷᠠᠯᠴᠠᠭᠠᠨ ᠤ ᠬᠠᠨᠢᠲᠠᠨ ᠪᠣᠯᠤᠭᠰᠠᠨ ᠤ ᠬᠤᠪᠢ ᠳᠤ᠂ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠣᠨ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠪᠦᠯᠦᠭᠯᠡᠯ ᠤᠨ ᠬᠢᠨ ᠦᠵᠡᠰᠭᠦᠯᠡᠩ ᠳᠤ ᠣᠷᠤᠯᠴᠠᠬᠤ ᠵᠠᠭᠪᠤᠷ ᠤᠨ ᠰᠢᠨ᠎ᠡ ᠶᠢ ᠡᠭᠦᠳᠴᠦ᠂ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠦᠵᠡᠰᠭᠦᠯᠡᠩ ᠤᠨ ᠲᠣᠭᠤᠷᠢᠭ ᠢ ᠪᠠᠶᠢᠭᠤᠯᠵᠤ᠂ ᠶᠡᠷᠦᠩᠬᠡᠢ ᠲᠠᠯᠠᠪᠠᠢ ᠨᠢ 2700 ᠲᠡᠭᠰᠢ ᠳᠥᠷᠪᠡᠯᠵᠢᠨ ᠮᠤᠳ᠋ᠷ ᠲᠤ ᠬᠦᠷᠴᠦ᠂ ᠠᠩᠬ᠎ᠠ ᠤᠳᠠᠭ᠎ᠠ ᠠᠵᠤ ᠦᠢᠯᠡᠰ ᠤᠨ ᠪᠦᠯᠦᠭᠵᠢᠯ ᠤᠨ ᠭᠡᠯᠪᠡᠷᠢ ᠪᠠᠷ ᠤᠯᠤᠰ ᠠᠯᠤᠰᠯᠠᠭᠰᠠᠨ ᠵᠠᠭᠤ ᠰᠢᠬᠠᠮ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠵᠡᠰᠭᠦᠯᠡᠩ ᠳᠤ ᠣᠷᠣᠯᠴᠠᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠣᠲᠣᠷᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃    ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠦᠵᠡᠰᠭᠦᠯᠡᠩ ᠤᠨ ᠲᠣᠭᠤᠷᠢᠭ ᠲᠤ᠂ ᠭᠧᠷᠮᠠᠨ ᠤ ᠶᠢᠩᠽᠢ ᠮᠠᠰᠢᠨ ᠲᠡᠷᠭᠡᠨ ᠤ ᠳᠤᠮᠳᠠᠳᠤ ᠤᠯᠤᠰ ᠲᠤ ᠦᠢᠯᠡᠳᠪᠦᠷᠢᠯᠡᠭᠰᠡᠨ ᠬᠡᠪ ᠤᠨ ᠮᠠᠰᠢᠨ ᠲᠡᠷᠭᠡ ᠶᠢ ᠪᠦᠭᠦ ᠪᠥᠮᠪᠥᠷᠴᠡᠭ ᠲᠤ ᠠᠩᠬ᠎ᠠ ᠲᠠᠷᠬᠠᠭᠠᠬᠤ ᠶᠢ ᠪᠡᠶᠡᠯᠡᠭᠦᠯᠦᠨ᠎ᠡ᠃ ᠤᠰᠤᠲᠥ᠋ᠷᠥᠭᠴᠢ ᠡᠨᠧᠷᠭᠢ ᠶᠢᠨ ᠬᠦᠷᠢᠶᠡᠨ ᠳᠤ᠂ ᠪᠦᠭᠦ ᠪᠥᠮᠪᠥᠷᠴᠡᠭ ᠤᠨ 500 ᠬᠦᠴᠦᠷᠬᠡᠭ ᠠᠵᠤ ᠠᠬᠤᠶᠢᠯᠠᠯ ᠪᠤᠯᠬᠤ ᠺᠠᠩᠮᠢᠩᠰ ᠤᠨ ᠬᠢᠨ ᠲᠦᠯᠡᠰᠢᠨ ᠳ᠋ᠢᠶᠠᠨ ᡂᠢ᠂ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠪᠣᠯᠣᠨ ᠤᠰᠤᠲᠥ᠋ᠷᠥᠭᠴᠢ ᠬᠠᠳᠠᠭᠠᠯᠠᠬᠤ ᠯᠣᠩᠬᠤ ᠪᠠᠨ ᠳᠡᠯᠭᠡᠨ ᠦᠵᠡᠭᠦᠯᠭᠦ ᠪᠣᠯᠣᠨ᠎ᠠ᠃ ᠪᠧᠨ ᡂᠢ ᠮᠠᠰᠢᠨ ᠲᠡᠷᠭᠡᠨ ᠤ ᠬᠢᠨ ᠳᠠᠭᠢᠨ ᠠᠰᠢᠭᠯᠠᠵᠤ ᠪᠤᠯᠬᠤ ᠮᠠᠰᠢᠨ ᠲᠡᠷᠭᠡᠨ ᠤ ᠬᠥᠳᠡᠯᠭᠡᠭᠦᠷ ᠦᠢᠯᠡᠳᠬᠦ ᠪᠠᠷ ᠪᠠᠶᠢᠨ᠎ᠠ᠃ ᠠᠮᠧᠷᠢᠺᠠ ᠳᠤᠮᠳᠠᠳᠤ ᠶᠢᠨ ᠠᠷᠢᠭᠤᠨ ᠴᠡᠪᠡᠷ ᠤᠨ ᠮᠡᠷᠭᠡᠵᠢᠯ ᠤᠨ ᠲᠥᠪ ᠤᠨ ᠬᠢᠨ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠦᠵᠡᠰᠭᠦᠯᠡᠩ ᠤᠨ ᠲᠣᠭᠤᠷᠢᠭ ᠲᠤ ᠱᠠᠩᠬᠠᠢ ᠶᠢᠨ ᠤᠮᠠᠷᠠᠲᠤ ᠠᠮᠧᠷᠢᠺᠠ ᠶᠢᠨ ᠠᠷᠢᠭᠤᠨ ᠴᠡᠪᠡᠷ ᠤᠨ ᠮᠡᠷᠭᠡᠵᠢᠯ ᠪᠣᠯᠣᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠮᠲᠤᠷᠠᠯᠴᠠᠭᠠᠨ ᠤ ᠲᠦᠷᠦᠭᠦᠴᠦᠳ ᠤᠨ ᠬᠤᠷᠠᠯ ᠢ ᠡᠷᠭᠢᠯᠡᠵᠦ᠂ ᠤᠮᠠᠷᠠᠲᠤ ᠠᠮᠧᠷᠢᠺᠠ ᠶᠢᠨ 17 ᠠᠷᠢᠭᠤᠨ ᠴᠡᠪᠡᠷ ᠤᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠰᠣᠷᠢᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠲᠠᠢ ᠬᠠᠷᠢᠯᠴᠠᠬᠤ ᠪᠣᠯᠣᠨ᠎ᠠ᠃    ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠲᠦᠷᠭᠡᠨ ᠬᠥᠭᠵᠢᠯᠲᠡ ᠨᠢ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠨᠡᠭᠡᠭᠡᠯᠲᠡᠲᠤ ᠬᠠᠮᠲᠤᠷᠠᠯᠴᠠᠭᠠᠨ ᠤ ᠲᠠᠪᠴᠠᠩ ᠤᠨ ᠦᠢᠯᠡᠳᠦᠯ ᠤᠨ ᠠᠮᠢᠳᠤᠯᠢᠭ ᠲᠠᠶᠢᠯᠪᠤᠷᠢ ᠪᠣᠯᠵᠠᠢ᠃    ᠭᠠᠷᠠᠮ ᠳᠠᠭᠠᠤ ᠶᠢᠨ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠭᠠᠷᠠᠮ ᠳᠠᠭᠠᠤ ᠶᠢᠨ ᠰᠢᠨ᠎ᠡ ᠲᠣᠭᠤᠷᠢᠭ ᠪᠠᠶᠢᠭᠤᠯᠤᠭᠳᠠᠭᠰᠠᠨ 4 ᠵᠢᠯ ᠤᠨ ᠲᠤᠷᠰᠢ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 21.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠷᠳᠡᠭ ᠵᠢᠯ ᠳᠤᠮᠳᠠᠴᠢ ᠪᠠᠷ 37.8% ᠪᠠᠷ ᠨᠡᠮᠡᠭᠳᠡᠵᠦ᠂ ᠪᠦᠭᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠳᠤᠮᠳᠠᠴᠢ ᠪᠠᠷ 39.9% ᠪᠠᠷ ᠨᠡᠮᠡᠭᠳᠡᠵᠡᠢ᠃    ︵ᠰᠢᠨᠬᠤᠸᠠ ᠬᠤᠷᠢᠶ᠎ᠠ ᠶᠢᠨ ᠱᠠᠩᠬᠠᠢ ᠶᠢᠨ 10 ᠰᠠᠷ᠎ᠠ ᠶᠢᠨ 30 ᠤ ᠴᠠᠭᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ