ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/7
    11 ᠰᠠᠷ᠎ᠠ ᠶᠢᠨ 6 ᠤ ᠡᠳᠦᠷ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠷᠭᠠᠭᠤᠯᠢ ᠶᠢᠨ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ‌ᠵᠡᠷᠭᠡ ᠬᠦᠮᠦᠰ ᠬᠤᠷᠠᠯ ᠳᠤ ᠣᠷᠣᠯᠴᠠᠪᠠ᠃ ᠬᠤᠲᠠ ᠶᠢᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠶᠦᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ‌‍ᠲ᠋ᠤᠩ ᠬᠠᠢ ᠹᠡᠩ  ᠬᠤᠷᠠᠯ ᠡᠷᠭᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠶ︔ ᠬᠤᠶᠠᠷ ᠲᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠬᠤ ᠶᠢ ᠪᠠᠷᠢᠮᠲᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ︔ ᠭᠤᠷᠪᠠ ᠳᠤ᠂ ᠡᠷᠲᠡ ᠠᠴᠠ ᠠᠳᠬᠤᠨ ᠪᠣᠳᠠᠲᠠᠢ ᠠᠳᠬᠤᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠬᠡᠷᠡᠭ ᠢᠶᠠᠷ ᠰᠡᠷᠭᠡᠶᠢᠯᠡᠯᠲᠡ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠭᠤᠣᠯ ᠬᠦᠴᠦ ᠪᠠᠨ ᠬᠡᠷᠡᠭ ᠠᠴᠠ ᠡᠮᠦᠨ᠎ᠡ ᠬᠥᠮᠦᠵᠢᠯ ᠰᠡᠷᠭᠡᠶᠢᠯᠡᠯᠲᠡ ᠶᠢ ᠠᠳᠬᠤᠬᠤ ᠳᠡᠭᠡᠷ᠎ᠡ ᠲᠠᠯᠪᠢᠬᠤ ᠬᠡᠷᠡᠭᠲᠡᠢ︔ ᠲᠦᠷᠪᠡ ᠳᠤ᠂ ᠭᠤᠣᠯᠳᠠᠯᠭ᠎ᠠ ᠶᠢ ᠲᠤᠪᠤᠶᠢᠯᠭᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠲᠡᠮᠤᠷ ᠢ ᠠᠳᠬᠤᠪᠠᠯ ᠤᠷᠤᠮ ᠲᠠᠢ ᠪᠣᠯᠬᠤ ᠡᠷᠡᠰ ᠵᠣᠷᠢᠭ ᠢᠶᠠᠷ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ︽ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃    ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠤᠯᠭ᠎ᠠ ᠳᠣᠣᠷ᠎ᠠ᠂ ᠨᠡᠩ ᠡᠷᠡᠰ ᠰᠢᠭᠤᠷᠬᠠᠶ ᠣᠪᠣᠷ᠂ ᠨᠡᠩ ᠬᠦᠴᠦᠲᠡᠶ ᠠᠷᠭ᠎ᠠ ᠬᠡᠮᠵᠢᠶ᠎ᠡ᠂ ᠨᠡᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠭᠦᠨᠵᠡᠭᠡᠶ ᠪᠠᠶᠢᠴᠠᠭᠠᠨ ᠦᠵᠡᠵᠦ᠂ ᠡᠷᠭᠢᠴᠡᠭᠦᠯᠦᠨ ᠪᠣᠳᠣᠯᠬᠢᠯᠠᠵᠤ᠂ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠡᠨ ᠬᠦ ᠪᠣᠳᠠᠲᠠᠶ ᠪᠠᠷ ᠨᠠᠷᠢᠯᠢᠭ ᠬᠢᠵᠦ᠂ ᠪᠣᠳᠠᠲᠠᠶ ᠪᠠᠷ ᠪᠡᠶᠡᠯᠡᠭᠦᠯᠵᠦ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠶ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ