ᠵᠠᠯᠠᠨ ᠠᠶᠢᠯ ᠬᠤᠲᠠ ᠶᠢᠨ ᠨᠣᠮ ᠤᠨ ᠰᠠᠩ ᠬᠤᠶᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/11/7
    ᠰᠣᠶᠣᠯ ᠲᠠᠮᠢᠷ  ᠤᠨ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠵᠢᠨ‌ᠢᠳᠡᠪᠬᠢᠲᠡᠢ ᠳᠡᠮᠵᠢᠯᠭᠡ ᠳᠣᠤᠷ᠎ᠠ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠨᠣᠮ ᠤᠨ ᠰᠠᠩ ᠤᠨ ᠦᠨᠡᠯᠡᠨ ᠵᠢᠱᠢᠵᠦ ᠲᠠᠰ ᠲᠣᠭᠲᠠᠭᠠᠬᠤ ᠳᠤᠮᠳᠠ ᠵᠠᠯᠠᠨ ᠠᠶᠢᠯ ᠬᠤᠲᠠ ᠶᠢᠨ ᠨᠣᠮ ᠤᠨ ᠰᠠᠩ ᠤᠯᠤᠰ ᠤᠨ ᠬᠤᠶᠠᠳᠤᠭᠠᠷ ᠳᠡᠰ ᠤᠨ ᠨᠣᠮ ᠤᠨ ᠰᠠᠩ ᠢ ᠢᠷᠠᠭᠤ ᠠᠯᠳᠠᠷᠲᠠᠶ ᠪᠠᠷ ᠭᠥᠷᠳᠡᠪᠡ᠃    ᠨᠣᠮ ᠤᠨ ᠰᠠᠩ ᠤᠨ ᠳᠡᠰ ᠦᠨᠡᠯᠡᠯᠲᠡ ᠳᠤ ᠴᠢᠩᠭ᠎ᠠ ᠨᠢᠮᠪᠠᠶ ᠦᠨᠡᠯᠡᠬᠦ ᠰᠢᠰᠲ᠋ᠧᠮ ᠲᠠᠢ ᠪᠠᠶᠢᠵᠤ᠂ ᠨᠣᠮ ᠤᠨ ᠰᠠᠩ ᠤᠨ ᠦᠢᠯᠡᠴᠢᠯᠡᠭᠡᠨ ᠤ ᠴᠢᠳᠠᠪᠤᠷᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠪᠠᠲᠤᠯᠠᠭ᠎ᠠ ᠶᠢᠨ ᠨᠥᠬᠦᠴᠡᠯ ᠵᠡᠷᠭᠡ ᠭᠤᠷᠪᠠᠨ ᠶᠡᠭᠡ ᠬᠡᠰᠡᠭ ᠢ ᠬᠠᠮᠤᠷᠴᠤ ᠪᠠᠶᠢᠳᠠᠭ᠃ ᠪᠥᠬᠦ ᠤᠯᠤᠰ ᠤᠨ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠨᠣᠮ ᠤᠨ ᠰᠠᠩ ᠤᠨ ᠦᠨᠡᠯᠡᠨ ᠵᠢᠱᠢᠵᠦ ᠲᠠᠰ ᠲᠣᠭᠲᠠᠭᠠᠬᠤ ᠠᠵᠢᠯ ᠪᠣᠯ ᠣᠯᠠᠨ ᠨᠡᠶᠢᠲᠡ ᠶᠢᠨ ᠨᠣᠮ ᠤᠨ ᠰᠠᠩ ᠤᠨ ᠪᠥᠲᠥᠭᠡᠨ ᠪᠠᠶᠢᠭᠤᠯᠤᠯᠲᠠ ᠪᠠ ᠦᠢᠯᠡᠴᠢᠯᠡᠭᠡᠨ‌‍ᠤ ᠠᠵᠢᠯ ᠤᠨ ᠪᠥᠬᠦ ᠲᠠᠯ᠎ᠠ ᠶᠢᠨ ᠦᠨᠡᠯᠡᠯᠲᠡ ᠪᠠ ᠬᠢᠨᠠᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠪᠠᠰᠠ  ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠠᠵᠢᠯᠯᠠᠭᠠᠨ ᠤ ᠨᠥᠬᠦᠴᠡᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠶᠢᠨ ᠬᠢᠨᠠᠨ ᠦᠨᠡᠯᠡᠯᠲᠡ ᠪᠣᠯᠬᠤ ᠶᠤᠮ᠃   ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠣᠮ ᠤᠨ ᠰᠠᠩ ᠤᠨ ᠦᠢᠯᠡᠴᠢᠯᠡᠭᠡᠨ‌‍ᠤ  ᠦᠢᠯᠡᠳᠦᠯ ᠴᠢᠳᠠᠪᠤᠷᠢ ᠮᠠᠰᠢ ᠰᠠᠶᠢᠨ ᠪᠠᠶᠢᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠤᠩᠰᠢᠯᠭ᠎ᠠ ᠶᠢᠨ ᠳᠡᠯᠭᠡᠷᠡᠭᠦᠯᠦᠯᠲᠡ ᠶᠢᠨ ᠠᠵᠢᠯᠯᠠᠭ᠎ᠠ ᠶᠢᠨ ᠣᠨᠴᠠᠯᠢᠭ ᠢᠯᠡ ᠲᠣᠳᠣ ᠪᠠᠶᠢᠵᠤ᠂ ︽ᠨᠣᠮ ᠤᠨ ᠰᠠᠩ ᠤᠨ ᠵᠠᠯᠠᠨ︾ ᠢᠶᠠᠷ ᠭᠠᠷᠳᠠᠴᠠ ᠪᠣᠯᠭᠠᠵᠤ᠂ ︽ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ︽ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠬᠡᠷᠡᠯ ᠵᠢᠷᠤᠭ ᠤᠨ ᠦᠵᠡᠭᠦᠯᠦᠯᠭᠡ︾᠂ ᠨᠣᠮ ᠰᠣᠯᠢᠬᠤ ᠲᠣᠮᠣ ᠲᠡᠭᠦᠪᠦᠷᠢ ᠵᠡᠷᠭᠡ ᠤᠨᠴᠠᠯᠢᠬᠳᠤ ᠤᠩᠰᠢᠯᠭ᠎ᠠ ᠶᠢᠨ ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠥᠷᠨᠢᠭᠦᠯᠦᠭᠡᠳ᠂ ᠨᠣᠮ ᠤᠨ ᠰᠠᠩ ᠤᠨ  ᠦᠢᠯᠡᠴᠢᠯᠡᠭᠡᠨ‌‍ᠤ ᠥᠷᠭᠡᠴᠡ ᠪᠠ ᠰᠢᠨ᠎ᠡ ᠰᠣᠷᠭᠤᠭ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠨᠠᠷᠠᠲᠤ ᠲᠥᠷᠥᠯ ᠲᠡᠮᠳᠡᠭᠲᠦ ᠶᠢᠨ   ᠦᠢᠯᠡᠴᠢᠯᠡᠭᠡ ᠶᠢ ᠠᠮᠢᠳᠤᠯᠢᠭ ᠰᠠᠶᠢᠬᠠᠨ ᠬᠢᠵᠦ᠂ ᠨᠠᠷᠢᠨ ᠨᠢᠮᠪᠠᠶ ᠡᠭᠦᠳᠦᠭᠰᠡᠨ ︽ᠯᠠᠨ ᠵᠢᠩ ᠯᠢᠩ︾ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠨᠢ ᠲᠣᠰ ᠣᠷᠳᠣᠨ ᠤ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃   ᠲᠣᠰ ᠤᠳᠠᠭ᠎ᠠ ᠰᠢᠶᠠᠨ ᠤ ᠱᠠᠲᠤᠨ ᠠᠴᠠ ᠳᠡᠭᠡᠭᠰᠢᠬᠢ ᠬᠤᠶᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠭᠰᠡᠨ ᠨᠢ ᠨᠣᠮ ᠤᠨ ᠰᠠᠩ ᠤᠨ ᠠᠵᠢᠯ ᠢ ᠱᠠᠲᠤ ᠦᠶ᠎ᠡ ᠶᠢᠨ ᠴᠢᠨᠠᠷᠲᠠᠶ ᠪᠠᠷ ᠮᠡᠳᠡᠷᠡᠭᠰᠡᠨ ᠶᠠᠪᠤᠳᠠᠯ ᠪᠣᠯᠬᠤ ᠪᠥᠭᠡᠳ ᠪᠠᠰᠠ ᠴᠤ ᠨᠣᠮ ᠤᠨ ᠰᠠᠩ ᠤᠨ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠤᠷᠮ᠎ᠠ ᠵᠣᠷᠢᠭ ᠪᠠᠳᠠᠷᠠᠩᠭᠤᠶ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠪᠠᠶᠢᠳᠠᠯ ᠢ ᠨᠡᠭᠡᠭᠡᠬᠦ ᠶᠢ ᠵᠢᠭᠠᠵᠤ ᠪᠠᠶᠢᠨ᠎ᠠ᠃ ᠬᠤᠲᠠ ᠶᠢᠨ ᠨᠣᠮ ᠤᠨ ᠰᠠᠩ ᠨᠢ ᠲᠣᠰ ᠤᠳᠠᠭ᠎ᠠ ᠲᠠᠰ ᠲᠣᠭᠲᠠᠭᠠᠬᠤ ᠪᠠᠷ ᠰᠢᠨ᠎ᠡ ᠡᠬᠢᠯᠡᠯᠲᠡ ᠪᠣᠯᠭᠠᠵᠤ᠂ ᠪᠤᠰᠤᠳ ᠰᠢᠯᠢᠳᠡᠭ ᠨᠣᠮ ᠤᠨ ᠰᠠᠩ ᠤᠨ ᠲᠡᠷᠢᠭᠦᠨ ᠤ ᠣᠨᠣᠯᠵᠢᠬᠤᠨ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠳᠠᠷᠤᠤ ᠬᠢᠴᠢᠶᠡᠩᠭᠦᠶ ᠪᠠᠷ ᠰᠤᠷᠤᠯᠴᠠᠵᠤ᠂ ᠦᠢᠯᠡᠴᠢᠯᠡᠭᠡᠨ‌‍ᠤ ᠣᠷᠴᠢᠨ ᠲᠣᠭᠤᠷᠢᠨ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠲᠥᠷᠥᠯ ᠵᠦᠢᠯ ᠢᠶᠠᠨ ᠪᠠᠶᠠᠯᠢᠭᠵᠢᠭᠤᠯᠤᠨ᠂ ᠦᠢᠯᠡᠴᠢᠯᠡᠭᠡᠨ ᠤ ᠠᠷᠭ᠎ᠠ ᠵᠠᠮ ᠢᠶᠠᠨ ᠥᠷᠭᠡᠳᠬᠡᠵᠦ᠂ ᠨᠣᠮ ᠤᠨ ᠰᠠᠩ ᠢᠶᠠᠨ ᠮᠠᠨ ᠤ ᠬᠤᠲᠠ ᠶᠢᠨ ᠰᠣᠶᠣᠯ ᠤᠨ ᠦᠢᠯᠡᠴᠢᠯᠡᠭᠡᠨ‌‍ᠤ ᠰᠢᠨ᠎ᠡ ᠥᠨᠳᠦᠷᠯᠢᠭ ᠭᠠᠵᠠᠷ᠂ ᠰᠣᠶᠣᠯ ᠳᠤ ᠠᠰᠢᠭ ᠬᠦᠷᠲᠡᠭᠡᠬᠦ ᠠᠷᠠᠳᠴᠢᠯᠠᠯ ᠤᠨ ᠵᠢᠭᠰᠠᠭᠠᠯ ᠤᠨ ᠭᠠᠵᠠᠷ ᠪᠣᠯᠭᠠᠬᠤ ᠪᠠᠷ ᠴᠢᠷᠮᠠᠶᠢᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ