ᠵᠠᠯᠠᠨ ᠠᠶᠢᠯ ᠬᠤᠲᠠ ︽ᠠᠷᠪᠡᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ‍ᠤᠨ‌ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ︾  ᠤ ᠮᠥᠰᠥ ᠴᠠᠰᠤᠨ ᠤ ᠰᠣᠶᠣᠯ ᠤᠨ ᠡᠭᠦᠳᠦᠯᠲᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠢ ᠪᠠᠶᠠᠷᠯᠠᠨ ᠤᠭᠲᠤᠵᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/11/7
    2023 ᠣᠨ ᠤ 11 ᠰᠠᠷ᠎ᠠ ᠶᠢᠨ 5 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤᠯᠤᠰ ᠤᠨ ᠬᠤᠷᠠᠯ ᠦᠵᠡᠰᠬᠦᠯᠡᠩ ᠤᠨ ᠲᠥᠪ ︵ᠱᠠᠩᠬᠠᠢ︶ ᠲᠤ ᠬᠥᠰᠢᠭᠡ ᠪᠠᠨ ᠰᠡᠬᠦᠵᠦ᠂ ᠪᠦᠬᠦ ᠪᠥᠮᠪᠥᠷᠴᠡᠭ ᠤᠨ ᠬᠠᠷᠠᠴᠠ ᠳᠠᠬᠢᠨᠲᠠ ᠱᠠᠩᠬᠠᠢ ᠳᠤ ᠲᠥᠪᠯᠡᠷᠡᠪᠡ᠃    ᠵᠠᠯᠠᠨ ᠠᠶᠢᠯ ᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠬᠦ ᠬᠤᠲᠠ ᠶᠢᠨ ᠨᠢᠭᠡ ᠪᠣᠯᠤᠭᠰᠠᠨ ᠤ ᠬᠤᠪᠢ ᠳᠤ᠂ ᠶᠠᠭ ᠪᠠᠴᠢᠮ ᠶᠠᠭᠠᠷᠠᠯᠲᠠᠶ ᠪᠡᠯᠡᠳᠬᠡᠯ ᠠᠵᠢᠯ ᠢᠶᠠᠨ ᠥᠷᠨᠢᠭᠦᠯᠵᠦ ᠪᠠᠶᠢᠨ᠎ᠠ᠃ ᠤᠷᠤᠯᠳᠤᠭᠠᠨ ᠤ ᠲᠣᠭᠤᠷᠢᠭ ᠤᠨ ᠭᠦᠢᠴᠡᠳᠬᠡᠬᠦ ᠵᠥᠪᠯᠡᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠳᠤᠭᠤᠶᠢᠯᠠᠩ ᠤᠨ ᠬᠢᠨ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠳᠡᠭᠰᠡᠳ᠂ ︽ᠳᠤᠮᠳᠠᠳᠤ ᠶᠢᠨ ᠤᠷᠠᠨ ᠡᠮᠡᠭᠲᠡᠢ︾ ᠭᠡᠬᠦ ᠢᠷᠠᠭᠤ ᠠᠯᠳᠠᠷ ᠤᠨ ᠴᠣᠯᠠ ᠬᠦᠷᠳᠡᠭᠰᠡᠳ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠤᠮᠰᠢᠯ ᠤᠨ ᠪᠤᠰᠤ ᠵᠠᠯᠭᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳ᠋ᠦ᠋ ᠶᠧ ᠮᠧᠢ ᠪᠠᠭᠰᠢ ︽ᠠᠷᠪᠡᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ‍ᠤᠨ‌ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ︾  ᠤ ᠮᠥᠰᠥ ᠴᠠᠰᠤᠨ ᠤ ᠰᠣᠶᠣᠯ ᠤᠨ ᠡᠭᠦᠳᠦᠯᠲᠡ ᠶᠢᠨ ᠠᠷᠠᠳ ᠤᠨ ᠴᠠᠭᠠᠰᠤᠨ ᠬᠠᠶᠢᠴᠢᠯᠠᠮᠠᠯ ᠤᠨ ᠵᠠᠭᠤ ᠭᠠᠷᠤᠢ ᠪᠦᠲᠦᠭᠡᠯ ᠢ ᠠᠪᠴᠤ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠶᠢ ᠢᠳᠡᠪᠬᠢᠲᠡᠢ ᠵᠣᠬᠢᠶᠠᠨ ᠪᠠᠶᠢᠭᠤᠯᠵᠠᠢ᠃ ᠥᠪᠥᠷ ᠮᠣᠩᠭᠤᠯ ᠤᠨ ᠲᠢᠩᠬᠢᠮ ᠳᠤ ᠦᠵᠡᠭᠦᠯᠦᠯᠭᠡ ᠶᠢᠨ ᠲᠣᠭᠯᠠᠯᠲᠠ ᠭᠠᠷᠭᠠᠵᠤ᠂ ︽ᠠᠷᠪᠡᠨ ᠳᠤᠷᠪᠡᠳᠤᠭᠡᠷ ᠬᠤᠭᠤᠴᠠᠭᠠᠨ ᠤ ᠪᠦᠬᠦ ᠤᠯᠤᠰ ‍ᠤᠨ‌ᠡᠪᠤᠯ ‍ᠤᠨ‌ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ︾ ᠤᠨ ᠥᠯᠢᠭᠡᠷ ᠢ ᠰᠠᠶᠢᠬᠠᠨ ᠶᠠᠷᠢᠵᠤ᠂ ︽ᠥᠪᠥᠷ ᠮᠣᠩᠭᠤᠯ ᠤᠨ ᠦᠨᠦᠷ ᠠᠮᠲᠠ︾ ᠶᠢ ᠠᠮᠲᠠᠯᠠᠨ᠎ᠠ᠃    ᠳᠡᠯᠡᠬᠡᠢ ᠳᠡᠭᠡᠷᠡᠬᠢ ᠠᠩᠬᠠᠳᠠᠭᠴᠢ ᠭᠠᠳᠠᠭᠠᠳᠤ ᠣᠷᠣᠭᠤᠯᠤᠯᠲᠠ ᠪᠠᠷ ᠭᠤᠣᠯ ᠰᠡᠳᠦᠪ ᠪᠣᠯᠭᠠᠭᠰᠠᠨ ᠤᠯᠤᠰ ᠤᠨ ᠲᠡᠰ ᠤᠨ ᠦᠵᠡᠭᠦᠯᠦᠯᠭᠡ ᠶᠢᠨ ᠴᠤᠭᠯᠠᠭᠠᠨ ᠪᠣᠯᠤᠭᠰᠠᠨ ᠤ ᠬᠤᠪᠢ ᠳᠤ᠂ ᠭᠠᠳᠠᠭᠠᠳᠤ ᠣᠷᠣᠭᠤᠯᠤᠯᠲᠠ ᠶᠢᠨ ᠦᠵᠡᠭᠦᠯᠦᠯᠭᠡ ᠶᠢᠨ ᠴᠤᠭᠯᠠᠭᠠᠨ ᠨᠢ ᠨᠢᠭᠡᠨᠲᠡ ᠳᠤᠮᠳᠠᠳᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠣᠩᠬᠤ᠂ ᠥᠨᠳᠥᠷ ᠲᠦᠪᠰᠢᠨ ᠲᠠᠢ ᠨᠡᠬᠡᠬᠡᠯᠳᠡ ᠶᠢ ᠠᠬᠢᠭᠤᠯᠬᠤ ᠲᠠᠪᠴᠠᠩ᠂ ᠪᠦᠬᠦ ᠪᠥᠮᠪᠥᠷᠴᠡᠭ ᠤᠨ ᠬᠠᠮᠲᠤᠪᠠᠷ ᠡᠳ᠋ᠯᠡᠬᠦ ᠤᠯᠠᠨ ᠤᠯᠤᠰ ᠤᠨ ᠤᠯᠠᠨ ᠨᠡᠶᠢᠲᠡ ᠶᠢᠨ ᠦᠢᠯᠡᠳᠬᠦᠨ ᠪᠣᠯᠤᠭᠰᠠᠨ ᠪᠠᠶᠢᠨ᠎ᠠ᠃ ᠲᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ 154 ᠤᠯᠤᠰ᠂ ᠭᠠᠵᠠᠷ ᠣᠷᠣᠨ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠵᠣᠴᠢᠳ ᠢ ᠤᠭᠲᠤᠵᠤ᠂ ᠬᠡᠪᠴᠢᠶ᠎ᠡ ᠪᠠᠷ ᠰᠢᠨ᠎ᠡ ᠲᠡᠮᠳᠡᠭᠯᠡᠯ ᠢ ᠡᠭᠦᠳᠴᠡᠢ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ