ᠣᠶᠢᠷ᠎ᠠ ᠳᠤ᠂ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠶᠢᠨ ᠹᠦ᠋ ᠬᠤᠸᠠ ᠨᠠᠷ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠵᠢᠯᠣᠭᠤᠳᠴᠤ᠂ ᠠᠵᠢᠯ ᠵᠣᠭᠰᠣᠭᠰᠠᠨ ᠲᠤᠬᠠᠶ ᠶᠢᠨ ᠲᠠᠯᠠᠪᠤᠷ ᠤᠨ ᠡᠯ᠎ᠡ ᠵᠦᠢᠯ ᠤᠨ ᠠᠮᠤᠷ ᠲᠦᠪᠰᠢᠨ ᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | ᠣᠳᠣᠬᠠᠨ ᠳᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠠᠭᠤᠷ ᠠᠮᠢᠰᠬᠤᠯ ᠤᠨ ᠨᠥᠬᠦᠴᠡᠯ ᠤᠨ ᠬᠢᠵᠠᠭᠠᠷᠯᠠᠯ ᠠᠴᠠ ᠪᠣᠯᠵᠣ᠂ ᠲᠣᠰ ᠵᠢᠯ ᠤᠨ ᠪᠠᠷᠢᠯᠭ᠎ᠠ ᠶᠢᠨ ᠠᠵᠢᠯ ᠲᠡᠭᠦᠰᠭᠡᠯ ᠲᠤ ᠣᠷᠣᠵᠤ᠂ ᠪᠠᠶᠢᠴᠠᠭᠠᠬᠤ | ᠳᠤᠭᠤᠶᠢᠯᠠᠩ ᠤᠨ ᠬᠢᠨ ᠪᠠᠷᠢᠯᠭ᠎ᠠ ᠶᠢᠨ ᠠᠵᠢᠯ ᠤᠨ ᠰᠡᠭᠦᠯ ᠬᠤᠷᠢᠶᠠᠬᠤ ᠪᠠ ᠠᠵᠢᠯ ᠵᠣᠭᠰᠣᠭᠰᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠬᠠᠶ ᠶᠢᠨ | ᠲᠠᠯᠠᠪᠤᠷ ᠤᠨ ᠪᠠᠶᠢᠴᠠᠭᠠᠯᠲᠠ ᠬᠢᠭᠰᠡᠨ ᠪᠠᠶᠢᠨ᠎ᠠ᠃ ᠶᠢᠨ ᠹᠦ᠋ ᠬᠤᠸᠠ ᠲᠣᠪᠴᠢᠶᠠᠨ ᠳᠠᠷᠤᠭ᠎ᠠ ᠴᠢᠬᠤᠯᠠᠴᠢᠯᠠᠬᠤ ᠳᠠᠭᠠᠨ᠂ ᠠᠵᠢᠯ ᠵᠣᠭᠰᠣᠭᠰᠠᠨ ᠬᠤᠭᠤᠴᠠᠭᠠᠨ ᠳᠤ | ᠲᠥᠷᠥᠯ ᠵᠦᠢᠯ ᠢ ᠪᠦᠬᠦᠨ ᠢ ᠪᠢᠲᠡᠭᠦᠮᠵᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠂ ᠪᠣᠳᠠᠰ ᠤᠨ ᠮᠠᠲ᠋ᠧᠷᠢᠶᠠᠯ ᠢ ᠲᠣᠭᠤᠷᠢᠭ ᠬᠤᠪᠢᠶᠠᠨ ᠲᠠᠯᠪᠢᠬᠤ᠂ | ᠪᠠᠷᠢᠯᠭ᠎ᠠ ᠶᠢᠨ ᠲᠥᠬᠦᠭᠡᠷᠦᠮᠵᠢ ᠶᠢ ᠵᠠᠳᠠᠯᠵᠤ ᠪᠠᠭᠤᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯ ᠵᠣᠭᠰᠣᠭᠰᠠᠨ ᠬᠤᠭᠤᠴᠠᠭᠠᠨ ᠳᠤ ᠪᠤᠢ ᠪᠦᠭᠦᠢ ᠪᠠᠷᠢᠯᠭ᠎ᠠ ᠶᠢᠨ | ᠠᠵᠢᠯᠲᠠᠳ ᠲᠤᠬᠠᠢ ᠶᠢᠨ ᠲᠠᠯᠠᠪᠠᠢ ᠶᠢᠨ ᠦᠵᠡᠭᠴᠢᠳ ᠢ ᠦᠯᠡᠳᠡᠭᠡᠨ ᠪᠠᠷᠢᠯᠭ᠎ᠠ ᠶᠢᠨ ᠭᠠᠵᠠᠷ ᠲᠤ ᠲᠣᠭᠲᠠᠭᠰᠠᠨ ᠴᠠᠭ ᠲᠠᠢ ᠲᠣᠭᠤᠷᠢᠨ ᠪᠠᠶᠢᠴᠠᠭᠠᠯᠲᠠ ᠬᠢᠵᠦ᠂ | ᠪᠠᠷᠢᠯᠭ᠎ᠠ ᠶᠢᠨ ᠨᠢᠭᠡᠴᠡ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠢ ᠰᠡᠷᠭᠡᠶᠢᠯᠡᠬᠦ᠂ | ᠬᠤᠯᠠᠭᠠᠶᠢᠯᠠᠬᠤ ᠶᠢ ᠰᠡᠷᠭᠡᠶᠢᠯᠡᠬᠦ᠂ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠠᠵᠢᠯ ᠵᠣᠭᠰᠣᠭᠰᠠᠨ | ᠬᠤᠭᠤᠴᠠᠭᠠᠨ ᠳᠤ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ | ᠡᠵᠡᠮᠳᠡᠬᠦ ᠬᠡᠷᠡᠭᠲᠡᠢ ᠃ |