ᠰᠦᠯᠵᠢᠶᠡᠨ ᠤ ᠱᠠᠯᠢᠭ ᠵᠠᠪᠬᠠᠶ᠂ ᠬᠦᠴᠦᠷᠬᠡᠭᠯᠡᠯ ᠤᠨ ᠮᠡᠳᠡᠭᠡ ᠵᠠᠩᠭᠢ ᠶᠢ ᠦᠨᠡᠨ ᠬᠦ ᠠᠷᠢᠯᠭᠠᠵᠤ᠂ ᠰᠦᠯᠵᠢᠶᠡᠨ ᠤ ᠰᠣᠶᠣᠯ ᠤᠨ ᠣᠷᠴᠢᠨ ᠨᠥᠬᠦᠴᠡᠯ ᠢ | ᠪᠦᠲᠦᠮᠵᠢᠲᠡᠶ ᠴᠡᠪᠡᠷᠰᠢᠭᠦᠯᠬᠦ ᠶᠢᠨ ᠲᠥᠯᠥᠭᠡ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ | ᠰᠦᠯᠵᠢᠶ᠎ᠡ ᠶᠢ ᠴᠡᠪᠡᠷᠰᠢᠭᠦᠯᠬᠦ︾ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠲᠠᠢ ᠤᠶᠠᠯᠳᠤᠭᠤᠯᠤᠨ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠪᠠ᠃ | ᠲᠣᠰ ᠤᠳᠠᠭᠠᠨ ᠤ ᠠᠵᠢᠯᠯᠠᠭ᠎ᠠ ᠳᠤ ᠰᠦᠯᠵᠢᠶᠡᠨ ᠤ ᠪᠠᠭᠠᠷ ᠤᠨ ᠱᠠᠯᠢᠭ ᠵᠠᠪᠬᠠᠶ ᠪᠠ ᠪᠤᠯᠬᠢ ᠪᠦᠳᠦᠭᠦᠯᠢᠭ ᠬᠦᠴᠦᠷᠬᠡᠭᠯᠡᠯ ᠤᠨ ᠠᠭᠤᠯᠭ᠎ᠠ ᠶᠢ ᠤᠯᠠᠮᠵᠢᠯᠠᠨ | ᠲᠠᠷᠬᠠᠭᠠᠭᠰᠠᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠡᠵᠡᠩᠨᠡᠯᠲᠡ ᠶᠢᠨ ᠥᠮᠴᠢᠲᠡᠨ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ | ᠰᠦᠯᠵᠢᠶᠡᠨ ᠤ ᠪᠠᠭᠠᠷ ᠤᠨ ᠰᠦᠯᠵᠢᠶᠡᠨ ᠳᠤ ᠭᠠᠷᠬᠤ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠵᠠᠶ᠃ ᠰᠦᠯᠵᠢᠶᠡᠨ ᠤ ᠪᠠᠭᠠᠷ ᠢ | ᠠᠰᠢᠭᠯᠠᠨ ᠱᠠᠯᠢᠭ ᠵᠠᠪᠬᠠᠶ᠂ ᠠᠯᠠᠵᠤ ᠬᠢᠳᠤᠬᠤ ᠬᠦᠴᠦᠷᠬᠡᠭᠯᠡᠯ᠂ ᠪᠤᠯᠬᠢ ᠪᠦᠳᠦᠭᠦᠯᠢᠭ ᠵᠡᠷᠭᠡ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠦᠢᠯᠡᠳᠬᠦ᠂ ᠪᠠᠭᠤᠯᠭᠠᠬᠤ᠂ | ᠨᠡᠶᠢᠲᠡᠯᠡᠬᠦ᠂ ᠤᠯᠠᠮᠵᠢᠯᠠᠨ ᠲᠠᠷᠬᠠᠭᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠰᠦᠯᠵᠢᠶᠡᠨ ᠤ ᠪᠠᠭᠠᠷ ᠤᠨ ᠬᠡᠰᠡᠭ ᠬᠡᠪᠴᠢᠶᠡᠨ ᠤ ᠰᠦᠯᠵᠢᠶ᠎ᠡ ᠶᠢ | ᠠᠰᠢᠭᠯᠠᠨ ᠬᠠᠤᠯᠢ ᠪᠤᠰᠤ ᠠᠭᠤᠯᠭ᠎ᠠ ᠲᠠᠢ ᠺᠢᠨᠣ᠋ ᠲᠧᠯᠸᠢᠰ᠂ ᠳᠠᠭᠤᠤ ᠬᠥᠭᠵᠢᠮ ᠵᠡᠷᠭᠡ ᠰᠣᠶᠣᠯ ᠤᠨ ᠪᠦᠲᠦᠭᠡᠭᠳᠡᠬᠦᠨ ᠪᠠ ᠬᠠᠤᠯᠢ ᠠᠴᠠ ᠵᠥᠷᠢᠴᠡᠭᠰᠡᠨ | ᠰᠦᠯᠵᠢᠶᠡᠨ ᠤ ᠲᠣᠭᠯᠠᠭᠠᠮ ᠢ ᠬᠠᠩᠭᠠᠬᠤ᠂ ᠤᠯᠠᠮᠵᠢᠯᠠᠨ ᠲᠠᠷᠬᠠᠭᠠᠬᠤ᠂ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ | ᠰᠣᠶᠣᠯ ᠤᠨ ᠵᠠᠬ᠎ᠠ ᠳᠡᠯᠭᠡᠭᠦᠷ ᠤᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠢᠯᠡᠴᠢᠯᠡᠨ | ᠮᠡᠳᠡᠭᠦᠯᠦᠭᠰᠡᠨ ᠬᠡᠷᠡᠭ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠭᠥᠯᠢᠶᠡᠨ ᠠᠪᠴᠤ᠂ ᠪᠠᠶᠢᠴᠠᠭᠠᠨ ᠰᠢᠢᠳᠪᠦᠷᠢᠯᠡᠵᠦ᠂ ᠬᠠᠷᠢᠭᠤ ᠲᠤᠰᠬᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠰᠦᠯᠵᠢᠶᠡᠨ ᠤ ᠪᠤᠯᠬᠢ | ᠪᠦᠳᠦᠭᠦᠯᠢᠭ ᠱᠠᠯᠢᠭ ᠵᠠᠪᠬᠠᠶ ᠮᠡᠳᠡᠭᠡ ᠵᠠᠩᠭᠢ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠢᠨᠲ᠋ᠤᠷ ᠰᠦᠯᠵᠢᠶᠡᠨ ᠤ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠶᠢ ᠴᠢᠩᠭᠠᠳᠬᠠᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ |