ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/11/9
    ᠵᠣᠯᠭᠠᠯᠳᠤᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠤᠨ ᠳᠣᠭᠢᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ᠂ ᠳᠥᠷᠪᠡᠳᠦᠭᠡᠷ ᠪᠦᠯᠦᠭ᠂ ᠲᠠᠪᠤᠳᠤᠭᠠᠷ ᠰᠢᠭᠦᠮᠵᠢᠯᠡᠨ ᠬᠢᠨᠠᠬᠤ ᠲᠥᠷᠥᠯ ᠵᠦᠢᠯ ᠳᠤ ᠡᠮᠦᠨᠡᠬᠢ ᠬᠤᠭᠤᠴᠠᠭᠠᠨ ᠤ ᠲᠣᠬᠢᠷᠠᠭᠤᠯᠤᠯᠲᠠ ᠪᠠ ᠠᠰᠠᠭᠤᠳᠠᠯ ᠢ ᠡᠮᠬᠢᠯᠡᠵᠦ ᠰᠤᠳᠤᠯᠤᠨ ᠮᠠᠭᠠᠳᠯᠠᠬᠤ ᠶᠢ ᠭᠤᠤᠯᠳᠠᠯᠭ᠎ᠠ ᠲᠠᠢ ᠶᠠᠪᠤᠭᠳᠠᠭᠤᠯᠤᠨ᠎ᠠ᠃     ᠬᠤᠷᠠᠯ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠤᠨ ᠭᠤᠷᠪᠠᠳᠠᠬᠢ ᠡᠲᠡᠭᠡᠳ ᠤᠨ ᠬᠢᠨᠠᠨ ᠲᠣᠭᠲᠠᠭᠠᠬᠤ ᠠᠵᠢᠯᠲᠠᠳ ᠣᠳᠣᠬᠢ ᠱᠠᠲᠤᠨ ᠤ ᠬᠢᠨᠠᠨ ᠲᠣᠭᠲᠠᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ᠂ ᠲᠠᠷᠠᠭᠠᠴᠢ ᠶᠢᠨ ᠱᠠᠲᠤᠨ ᠳᠤ ᠬᠢᠨᠠᠨ ᠲᠣᠭᠲᠠᠭᠠᠬᠤ ᠠᠵᠢᠯ ᠢ ᠬᠡᠷᠬᠢᠨ ᠨᠠᠩ ᠰᠠᠶᠢᠲᠤᠷ ᠥᠷᠨᠢᠭᠦᠯᠵᠦ᠂ ᠨᠢᠭᠤᠷᠲᠠᠨ ᠰᠠᠨᠠᠯ ᠢᠶᠠᠨ ᠰᠣᠯᠢᠯᠴᠠᠵᠤ᠂ ᠣᠲᠣ ᠶᠢᠨ ᠣᠷᠣᠰᠢᠵᠤ ᠪᠠᠶᠢᠭ᠎ᠠ ᠵᠠᠷᠢᠮ ᠠᠰᠠᠭᠤᠳᠠᠯ ᠢ ᠳᠤᠷᠠᠳᠤᠭᠰᠠᠨ ᠪᠥᠭᠡᠳ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠭᠠᠷᠭᠠᠭᠰᠠᠨ ᠪᠠᠶᠢᠨ᠎ᠠ᠃    ᠬᠠᠮᠤᠭ ᠤᠨ ᠰᠡᠭᠦᠯ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶ᠎ᠠ ᠶᠢᠨ ᠳᠡᠳ᠋ ᠳᠠᠷᠤᠭ᠎ᠠ ᠲᠠᠩ ᠨᠠᠢ ᠬᠤᠩ᠂ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠳᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠤᠯᠢ ᠶᠣᠰᠣᠭᠠᠷ ᠬᠢᠨᠠᠨ ᠲᠣᠭᠲᠠᠭᠠᠵᠤ᠂ ᠲᠦᠷᠦᠯ ᠵᠦᠢᠯ ᠢ ᠬᠢᠨᠠᠨ ᠲᠣᠭᠲᠠᠭᠠᠬᠤ ᠳᠤ ᠪᠤᠰᠤᠳᠴᠢ ᠪᠥᠭᠡᠳ ᠲᠥᠪ ᠭᠤᠣᠯᠴᠢ ᠪᠠᠶᠢᠬᠤ ᠶᠢ ᠪᠠᠲᠤᠯᠠᠵᠤ᠂ ᠵᠣᠯᠭᠠᠭᠤᠯᠬᠤ ᠪᠡᠯᠡ ᠮᠥᠩᠭᠦ ᠶᠢᠨ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ︔ ᠨᠠᠩ ᠴᠤ ᠠᠵᠢᠯ ᠤᠨ ᠳᠤᠮᠳᠠ ᠪᠠᠨ ᠬᠠᠷᠢᠯᠴᠠᠭ᠎ᠠ ᠪᠠᠨ ᠴᠢᠩᠭᠠᠳᠬᠠᠵᠤ᠂ ᠴᠠᠭ ᠲᠤᠬᠠᠶ ᠳᠤᠨᠢ ᠨᠡᠪᠲᠡᠷᠡᠯᠴᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ