ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤᠪᠠᠷ ᠠᠮᠵᠢᠯᠲᠠ ᠳᠤ ᠬᠦᠷᠬᠦ ᠪᠣᠯ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠣᠰ ᠵᠢᠭᠦᠷ ᠪᠣᠯᠣᠨ᠎ᠠ
ᠨᠡᠶᠢᠲᠡᠯᠡᠭᠰᠡᠨ ᠴᠠᠭ᠄
2023/12/11
    ᠨᠡᠶᠢᠲᠡ ᠶᠢᠨ ᠥᠮᠴᠢᠯᠡᠯ ᠤᠨ ᠳᠥᠷᠢᠮ ᠢᠶᠠᠷ ᠭᠤᠣᠯ ᠪᠣᠯᠭᠠᠭᠰᠠᠨ᠂ ᠣᠯᠠᠨ ᠵᠦᠢᠯ ᠤᠨ ᠥᠮᠴᠢᠯᠡᠯ ᠤᠨ ᠳᠥᠷᠢᠮᠲᠦ ᠠᠵᠤ ᠠᠬᠤᠢ ᠶᠢ ᠵᠡᠷᠭᠡᠪᠡᠷ ᠬᠥᠭᠵᠢᠭᠦᠯᠬᠦ ᠦᠨᠳᠦᠰᠦᠨ ᠠᠵᠤ ᠠᠬᠤᠢ ᠶᠢᠨ ᠳᠥᠷᠢᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠨ ᠴᠢᠬᠤᠯᠠ ᠲᠦᠰᠢᠭ ᠲᠤᠯᠭᠠᠭᠤᠷᠢ ᠪᠣᠯᠣᠨ᠎ᠠ᠂ ᠮᠥᠨᠴᠦ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠲᠣᠭᠲᠠᠴᠠ ᠶᠢᠨ ᠰᠠᠭᠤᠷᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠲᠥᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠤᠨ ᠳᠡᠮᠵᠢᠵᠦ᠂ ᠵᠢᠭᠠᠨ ᠵᠢᠯᠤᠭᠤᠤᠨᠴᠦ ᠪᠠᠶᠢᠭᠠᠤᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠳᠤᠮᠳᠠᠬᠢ ᠵᠠᠬ᠎ᠠ ᠳᠡᠯᠭᠡᠭᠦᠷ ᠤᠨ ᠰᠢᠢᠦᠨᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠦᠨ ᠪᠠᠳᠠᠷᠠᠭᠤᠯᠵᠤ᠂ ᠵᠠᠰᠠᠭ ᠤᠨ ᠣᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ ᠭᠡᠵᠡᠢ᠃    ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠵᠣᠬᠢᠴᠠᠩᠭᠤᠢ ᠬᠥᠭᠵᠢᠵᠦ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠤᠨ ᠦᠨᠳᠦᠰᠦ ᠰᠠᠭᠤᠷᠢ ᠶᠢ ᠰᠠᠶᠢᠲᠦᠷ ᠪᠠᠬᠢᠵᠢᠭᠦᠯᠦᠭᠰᠡᠨ ᠪᠠᠶᠢᠨ᠎ᠠ᠃ ᠥᠨᠥᠬᠡᠨ ᠡᠷᠬᠢᠯᠡᠨ ᠶᠠᠪᠤᠭᠳᠠᠭᠤᠯᠤᠭᠰᠠᠨ 2023 ᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠤᠨ ᠵᠣᠬᠢᠴᠠᠩᠭᠤᠢ ᠬᠥᠭᠵᠢᠯᠲᠡ ᠶᠢᠨ ᠳᠥᠷᠦᠯ ᠵᠦᠢᠯ ᠢ ᠲᠠᠨᠢᠯᠴᠠᠭᠤᠯᠬᠤ ᠬᠤᠷᠠᠯ ᠳᠡᠭᠡᠷ᠎ᠡ᠂ 160 ᠭᠠᠷᠤᠢ ᠲᠥᠷᠦᠯ ᠤᠨ ᠬᠥᠭᠵᠢᠯᠲᠡ ᠶᠢᠨ ᠲᠥᠷᠦᠯ ᠵᠦᠢᠯ ᠳᠤ ᠬᠢᠮᠡᠯ ᠤᠶᠤᠨᠯᠢᠭ ᠮᠡᠷᠭᠡᠵᠢᠯ᠂ ᠠᠮᠢᠳᠤ ᠪᠤᠳᠠᠰ ᠤᠨ ᠮᠡᠷᠭᠡᠵᠢᠯ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠨ ᠮᠠᠨᠳᠤᠵᠤ ᠪᠠᠶᠢᠭ᠎ᠠ ᠠᠵᠤ ᠦᠢᠯᠡᠰ ᠪᠠᠭᠲᠠᠵᠤ᠂ ᠪᠠᠰᠠ ᠰᠠᠨᠰᠠᠷ ᠠᠶᠠᠯᠠᠯ᠂ ᠡᠨᠧᠷᠭᠢ ᠶᠢᠨ ᠬᠢᠮᠢ ᠶᠢᠨ ᠠᠵᠤ ᠦᠢᠯᠡᠦᠨᠪᠦᠷᠢ᠂ ᠴᠢᠬᠤᠯᠠ ᠶᠡᠭᠡ ᠪᠡᠯᠡᠦᠨᠬᠡᠯ ᠲᠥᠬᠦᠭᠡᠷᠦᠮᠵᠢ ᠶᠢ ᠦᠢᠯᠡᠳᠦᠨ ᠪᠦᠲᠦᠭᠡᠬᠦ ᠵᠡᠷᠭᠡ ᠵᠠᠩᠭᠢᠯᠠᠭ᠎ᠠ ᠶᠢᠨ ᠴᠡᠷ ᠬᠦᠷᠢᠶ᠎ᠡ ᠪᠠᠭᠲᠠᠭᠰᠠᠨ ᠪᠠᠶᠢᠨ᠎ᠠ᠃    ᠤᠶᠢᠯᠠᠭᠠᠭᠰᠠᠨ ᠢᠶᠠᠷ᠂ ᠲᠥᠪ ᠤᠨ ᠠᠵᠤ ᠠᠬᠤᠶᠢᠯᠠᠯ ᠤᠨ ᠤᠶᠢᠷ᠎ᠠ ᠶᠢᠨ ᠭᠤᠷᠪᠠᠨ ᠵᠢᠯ ᠤᠨ ᠭᠠᠳᠠᠭᠠᠳᠤ ᠳᠤ ᠬᠤᠪᠢᠴᠠᠭᠠᠲᠤ ᠪᠡᠯᠡ ᠣᠷᠤᠭᠤᠯᠤᠭᠰᠠᠨ ᠡᠯ᠎ᠡ ᠲᠥᠷᠦᠯ ᠤᠨ ᠠᠵᠤ ᠠᠬᠤᠶᠢᠯᠠᠯ 1 ᠲᠦᠮᠡ 3 ᠮᠢᠩᠭᠠᠨ ᠡᠷᠦᠬᠡ ᠶᠢ ᠳᠠᠪᠠᠵᠤ᠂ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠵᠡᠷᠭᠡ ᠨᠡᠶᠢᠭᠡᠮ ᠤᠨ ᠬᠦᠷᠦᠩᠭᠡ ᠶᠢᠨ ᠰᠲ᠋ᠣᠺ ᠤᠨ ᠡᠷᠬᠡ ᠲᠠᠢ ᠬᠠᠮᠲᠤ ᠶᠢᠨ ᠠᠵᠢᠯᠯᠠᠭᠠᠨ ᠤ ᠥᠷᠲᠡᠭ ᠤᠨ ᠬᠡᠮᠵᠢᠶ᠎ᠡ 9000 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠨᠢᠭᠡ ᠪᠦᠯᠦᠭ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠤᠨ ᠬᠢᠨ ᠪᠡᠯᠡ ᠮᠥᠩᠭᠦᠨ ᠤ ᠠᠭᠤᠰᠤᠯᠴᠠᠭ᠎ᠠ ᠶᠢ ᠪᠡᠶᠡᠯᠡᠭᠦᠯᠵᠦ᠂ ᠣᠯᠠᠨ ᠴᠠᠷ ᠬᠦᠷᠢᠶ᠎ᠡ᠂ ᠣᠯᠠᠨ ᠪᠦᠯᠦᠭ᠂ ᠣᠯᠠᠨ ᠠᠵᠤ ᠦᠢᠯᠡᠰ ᠲᠤ ᠠᠵᠢᠯ ᠢᠶᠠᠨ ᠬᠤᠪᠢᠶᠠᠷᠢᠯᠠᠨ ᠬᠠᠮᠲᠤᠷᠠᠨ ᠠᠵᠢᠯᠯᠠᠵᠤ᠂ ᠬᠠᠷᠢᠯᠴᠠᠨ ᠠᠰᠢᠭ ᠬᠦᠷᠲᠡᠭᠡᠵᠦ ᠬᠠᠮᠲᠤᠪᠠᠷ ᠠᠮᠵᠢᠯᠲᠠ ᠳᠤ ᠬᠦᠷᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠭᠰᠠᠨ ᠪᠠᠶᠢᠨ᠎ᠠ᠃ ᠠᠷᠪᠠᠨ ᠵᠢᠯ ᠤᠨ ᠲᠤᠷᠰᠢ ᠮᠠᠨ ᠤ ᠤᠯᠤᠰ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠬᠦ ᠶᠢ ᠠᠬᠢᠭᠤᠯᠬᠤ ᠶᠢᠨ ᠬᠠᠮᠲᠤ ᠪᠠᠰᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠳᠤ ᠰᠢᠯᠢᠳᠡᠭ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠪᠦᠷᠢᠯᠳᠦᠭᠦᠯᠦᠭᠰᠡᠨ ᠪᠠᠶᠢᠨ᠎ᠠ᠃    ᠡᠨᠡ ᠵᠢᠯ ᠤᠨ ᠡᠬᠢᠨ ᠳᠤ᠂ ᠵᠧᠵᠢᠶᠠᠩ ᠮᠤᠵᠢ ᠶᠢᠨ ᠬᠤᠵᠧᠦ ᠬᠤᠲᠠ ᠶᠢᠨ ᠴᠠᠩ ᠰᠢᠩ ᠰᠢᠶᠠᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ᠂ ᠨᠢᠭᠡᠨ ᠵᠠᠭᠪᠤᠷ ᠦᠢᠯᠡᠳᠪᠦᠷᠢᠯᠡᠬᠦ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ 120 ᠮᠦ ᠲᠠᠯᠠᠪᠠᠢ ᠲᠠᠢ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠠᠯᠪᠠᠨ ᠶᠣᠰᠣ ᠪᠠᠷ ᠪᠠᠷᠢᠯᠭ᠎ᠠ ᠪᠠᠶᠢᠭᠤᠯᠤᠯᠲᠠ ᠪᠠᠨ ᠡᠬᠢᠯᠡᠭᠦᠯᠦᠭᠰᠡᠨ ᠶᠤᠮ᠃ ᠴᠠᠩ ᠰᠢᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠤ᠋ ᠵᠢᠶᠠᠨ ᠵᠦᠩ ᠬᠡᠯᠡᠬᠦ ᠳᠡᠭᠡᠨ᠂ ᠲᠤᠰ ᠵᠠᠭᠪᠤᠷ ᠦᠢᠯᠡᠳᠪᠦᠷᠢᠯᠡᠬᠦ ᠠᠵᠤ ᠠᠬᠤᠶᠢᠯᠠᠯ ᠤᠨ ᠴᠢᠯᠠᠭᠤ ᠰᠢᠷᠣᠢ ᠮᠠᠯᠲᠠᠬᠤ ᠶᠡᠷᠦᠩᠬᠡᠢ ᠬᠡᠮᠵᠢᠶ᠎ᠡ 15 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠬᠡᠷᠪᠡ ᠠᠵᠢᠯ ᠲᠠᠨᠢᠯᠴᠠᠭᠤᠯᠬᠤ ᠪᠠᠶᠢᠭᠤᠯᠤᠮᠵᠢ ᠪᠠᠷ ᠮᠡᠳᠡᠭᠦᠯᠦᠯᠲᠡ ᠬᠢᠯᠭᠡᠪᠡᠯ᠂ ᠮᠡᠳᠡᠭᠦᠯᠦᠯᠲᠡ ᠬᠢᠬᠦ᠂ ᠬᠢᠨᠠᠨ ᠬᠡᠮᠵᠢᠬᠦ᠂ ᠰᠢᠯᠭᠠᠨ ᠬᠤᠷᠢᠶᠠᠬᠤ ᠵᠡᠷᠭᠡ ᠶᠢ ᠨᠡᠶᠢᠯᠡᠭᠦᠯᠪᠡᠯ ᠠᠳᠠᠭ ᠲᠠᠭᠠᠨ 18 ᠲᠦᠮᠡᠨ ᠲᠥᠭᠦᠷᠢᠭ ᠵᠠᠷᠤᠴᠠᠭᠤᠯᠤᠨ᠎ᠠ᠂ ᠭᠡᠪᠡᠴᠦ ᠣᠳᠣ ᠤᠰᠤᠨ ᠠᠰᠢᠭᠯᠠᠯᠲᠠ ᠶᠢᠨ ᠲᠣᠪᠴᠢᠶᠠᠨ ᠤ ᠤᠷᠢᠳᠴᠢᠯᠠᠨ ᠬᠢᠭᠰᠡᠨ ᠪᠦᠰᠡ ᠨᠤᠲᠤᠭ ᠤᠨ ᠵᠢᠱᠢᠯᠲᠡ ᠶᠢ ᠦᠨᠳᠦᠰᠦᠯᠡᠵᠦ᠂ ᠵᠥᠪᠰᠢᠶᠡᠷᠡᠯ ᠣᠯᠬᠤ ᠳᠤ ᠵᠥᠪᠬᠡᠨ ᠨᠢᠭᠡᠨ ᠬᠠᠭᠤᠳᠠᠰᠤ ᠬᠦᠰᠦᠨᠦᠭ ᠲᠠᠭᠯᠠᠪᠠᠯ ᠪᠣᠯᠴᠢᠬᠠᠨ᠎ᠠ ᠭᠡᠵᠡᠢ᠃ ᠣᠳᠣᠬᠠᠨ ᠳᠤ᠂ ᠮᠠᠨ ᠤ ᠤᠯᠤᠰ ᠶᠠᠭ ᠠᠵᠤ ᠠᠬᠤᠢ ᠶᠢᠨ ᠰᠡᠷᠭᠦᠯᠲᠡ ᠪᠠ ᠠᠵᠤ ᠦᠢᠯᠡᠰ ᠤᠨ ᠰᠢᠯᠢᠳᠡᠭᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠪᠦᠲᠦᠴᠡ ᠶᠢᠨ ᠴᠢᠨᠠᠷ ᠲᠠᠢ ᠠᠰᠠᠭᠤᠳᠠᠯ᠂ ᠦᠶᠡᠯᠡᠯ ᠤᠨ ᠴᠢᠨᠠᠷ ᠲᠠᠢ ᠵᠥᠷᠢᠴᠡᠯ ᠳᠠᠪᠬᠤᠷᠳᠠᠭᠰᠠᠨ ᠦᠶ᠎ᠡ ᠳᠤ ᠣᠷᠣᠰᠢᠵᠤ ᠪᠠᠶᠢᠭ᠎ᠠ ᠶᠤᠮ᠃    ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠷᠠᠳ ᠠᠴᠠ ᠡᠷᠭᠢᠯᠡᠭᠰᠡᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠯᠢᠦ ᠶᠢᠨ ᠴᠢᠦ ᠢᠯᠡᠷᠬᠡᠶᠢᠯᠡᠬᠦ ᠳᠡᠭᠡᠨ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷ ᠲᠠᠢ ᠦᠢᠯᠡᠳᠦᠯ ᠢ ᠦᠨᠡᠨᠬᠦ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ ᠤᠯᠤᠰ ᠲᠤ ᠬᠠᠨᠳᠤᠭᠤᠯᠤᠭᠰᠠᠨ ᠲᠡᠷᠢᠭᠦᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠲᠦᠷᠭᠡᠨ ᠪᠠᠶᠢᠭᠤᠯᠬᠤ ᠳᠤ ᠪᠠᠶᠢᠭ᠎ᠠ ᠶᠤᠮ ᠭᠡᠵᠡᠢ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ