ᠭᠤᠣᠯ ᠰᠡᠳᠦᠪᠲᠦ ᠬᠥᠮᠦᠵᠢᠯ ᠤᠨ ᠤᠯᠤᠰ ᠲᠥᠷᠥᠴᠢ ᠴᠢᠨᠠᠷ ᠪᠠ ᠲᠥᠪ ᠴᠢᠩᠭ᠎ᠠ ᠴᠢᠨᠠᠷ ᠢ ᠪᠠᠲᠤᠯᠠᠶ᠎ᠠ
ᠨᠡᠶᠢᠲᠡᠯᠡᠭᠰᠡᠨ ᠴᠠᠭ᠄
2023/12/11
    ︽ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠶᠠᠭ ᠯᠠᠪᠳᠠᠭᠤᠨ ᠪᠠᠲᠤᠲᠠᠢ ᠥᠷᠨᠢᠭᠦᠯᠵᠦ ᠪᠠᠶᠢᠨ᠎ᠠ᠂ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠩᠭ᠎ᠠ ᠪᠣᠳᠠᠲᠠᠢ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠤᠨ ᠤᠯᠤᠰ ᠲᠥᠷᠥᠴᠢ ᠴᠢᠨᠠᠷ ᠪᠣᠯᠣᠨ ᠲᠥᠪ ᠴᠢᠩᠭ᠎ᠠ ᠴᠢᠨᠠᠷ ᠢ ᠪᠠᠲᠤᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ︾ ᠭᠡᠵᠦ ᠶᠡᠷᠦᠩᠬᠡᠢ ᠱᠦᠵᠢ ᠰᠢ ᠶᠢᠨ ᠫᠢᠩ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠳᠠᠭᠠᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃    ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠰᠤᠷᠤᠯᠴᠠᠬᠤ ᠨᠢᠭᠡᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠲᠠᠢ ᠨᠢᠭᠲᠠ ᠤᠶᠠᠯᠳᠤᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠪᠠᠷᠢᠮᠲᠠᠯᠠᠵᠤ᠂ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ︾ ᠠᠵᠢᠯᠯᠠᠭ᠎ᠠ ᠪᠠᠷ ᠭᠠᠷᠳᠠᠴᠠ ᠪᠤᠯᠭᠠᠵᠦ᠂ ᠠᠰᠠᠭᠤᠳᠠᠯ ᠢ ᠶᠡᠭᠡ ᠪᠠᠷ ᠡᠮᠬᠢᠯᠡᠨ ᠵᠢᠭᠰᠠᠭᠠᠨ ᠪᠠᠶᠢᠴᠠᠭᠠᠵᠤ᠂ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ ᠠᠵᠢᠯ ᠢᠶᠠᠨ ᠰᠠᠶᠢᠵᠢᠷᠠᠭᠤᠯᠤᠨ ᠬᠥᠭᠵᠢᠯᠲᠡ ᠶᠢ ᠠᠬᠢᠭᠤᠯᠵᠤ᠂ ᠠᠷᠠᠳ ᠤᠨ ᠲᠥᠯᠥᠭᠡ ᠠᠵᠢᠯᠯᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠠᠢ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ ᠪᠣᠯ ᠭᠤᠣᠯ ᠰᠡᠳᠦᠪᠲᠦ ᠬᠥᠮᠦᠵᠢᠯ ᠤᠨ ᠲᠡᠷᠢᠭᠦᠨ ᠴᠢᠬᠤᠯᠠ ᠡᠭᠦᠷᠭᠡ ᠮᠥᠨ᠂ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂ ᠵᠢᠭᠠᠨ ᠲᠣᠭᠲᠠᠭᠠᠭᠰᠠᠨ ᠵᠢᠭᠠᠬᠤ ᠮᠠᠲ᠋ᠧᠷᠢᠶᠠᠯ ᠤᠨ ᠲᠣᠭᠤᠷᠢᠨ ᠳᠤ᠂ ᠲᠡᠷᠡ ᠬᠡᠪ ᠢᠶᠠᠷ ᠨᠢ ᠤᠩᠰᠢᠵᠤ᠂ ᠦᠰᠦᠭ ᠳᠠᠷᠠᠭᠠᠯᠠᠨ ᠣᠶᠢᠯᠠᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠤᠭᠢ ᠰᠣᠳᠣ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠨᠢ ᠮᠠᠰᠢ ᠴᠢᠬᠤᠯᠠ ᠪᠠᠶᠢᠳᠠᠭ᠃ ᠡᠭᠦᠨ ᠳᠤ᠂ ᠠᠷᠠᠳ ᠤᠯᠠᠨ ᠤ ᠪᠤᠳᠤᠵᠤ ᠬᠦᠰᠡᠵᠦ ᠪᠠᠶᠢᠭ᠎ᠠ ᠵᠦᠢᠯ ᠢ ᠦᠨᠡᠨ ᠬᠦ ᠣᠶᠢᠯᠠᠭᠠᠵᠤ᠂ ᠠᠵᠢᠯ ᠤᠨ ᠲᠦᠭᠵᠢᠷᠡᠯ ᠠᠰᠠᠭᠤᠳᠠᠯ ᠬᠦᠴᠢᠷ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠠᠷᠭ᠎ᠠ ᠬᠡᠮᠵᠢᠶ᠎ᠡ ᠶᠢ ᠰᠦᠪᠡᠭᠴᠢᠯᠡᠬᠦ ᠴᠢᠬᠤᠯᠠᠲᠠᠢ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠦᠨᠡᠨ ᠪᠣᠳᠠᠲᠠᠢ ᠨᠠᠷᠢᠯᠢᠭ ᠪᠠᠶᠢᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠭᠦᠢᠴᠡᠳ ᠰᠣᠨᠣᠰᠴᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠪᠦᠭᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠣᠶᠢᠯᠠᠭᠠᠵᠤ᠂ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠡᠷᠢᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠵᠢᠯᠤᠭᠤᠳᠬᠤ ᠴᠢᠨᠠᠷᠲᠠᠢ᠂ ᠰᠢᠨᠵᠢᠯᠡᠬᠦ ᠤᠬᠠᠭᠠᠨᠴᠢ ᠴᠢᠨᠠᠷᠲᠠᠢ᠂ ᠪᠦᠲᠦᠭᠡᠯᠴᠢ ᠴᠢᠨᠠᠷᠲᠠᠢ ᠴᠢᠭᠯᠡᠯᠲᠡ ᠪᠠ ᠲᠦᠷᠦ ᠶᠢᠨ ᠪᠣᠳᠣᠯᠭ᠎ᠠ ᠪᠣᠯᠭᠠᠨ ᠬᠤᠪᠢᠷᠠᠭᠤᠯᠵᠤ᠂ ᠴᠠᠭ ᠲᠤᠬᠠᠢ ᠳᠤᠨᠢ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠭᠰᠡᠨ ᠪᠠᠶᠢᠳᠠᠯ ᠳᠤ ︽ᠡᠷᠭᠢᠨ ᠬᠠᠷᠠᠵᠤ︾᠂ ᠲᠠᠨᠢᠯᠲᠠ ᠦᠢᠯᠡᠳᠦᠯᠭᠡ ᠠᠴᠠ ᠲᠠᠭᠢᠨ ᠲᠠᠨᠢᠯᠲᠠ ᠳᠤ ᠬᠦᠷᠬᠦ ᠰᠠᠶᠢᠨ ᠣᠷᠴᠢᠯ ᠢ ᠪᠦᠷᠢᠯᠳᠦᠭᠦᠯᠵᠦ᠂ ᠠᠵᠢᠯ ᠢᠶᠠᠨ ᠢᠮᠠᠭᠲᠠ ᠪᠣᠳᠠᠲᠠᠢ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠨᠢ ᠮᠠᠰᠢ ᠵᠠᠩᠭᠢᠯᠠᠭ᠎ᠠ ᠪᠤᠯᠲᠠᠭ᠃    ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠬᠢᠷᠢ ᠵᠡᠷᠭᠡ ᠭᠡᠳᠡᠭ ᠢ ᠡᠴᠦᠰ ᠤᠨ ᠡᠴᠦᠰ ᠲᠡᠭᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠰᠢᠨ᠎ᠡ ᠦᠷ᠎ᠡ ᠪᠦᠲᠦᠮᠵᠢ ᠪᠠᠷ ᠰᠢᠯᠭᠠᠨ ᠲᠣᠳᠣᠯᠠᠳᠠᠭ᠃ ᠡᠶᠢᠮᠦ ᠠᠴᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠠᠵᠢᠯ ᠢᠶᠠᠨ ᠲᠥᠯᠥᠪᠵᠢᠭᠦᠯᠦᠨ ᠪᠠᠶᠢᠷᠢᠯᠠᠭᠤᠯᠵᠤ᠂ ᠬᠦᠴᠢᠷ ᠢ ᠰᠥᠷᠦᠨ ᠤᠷᠤᠭᠰᠢᠯᠠᠵᠤ᠂ ᠲᠤᠰ ᠠᠵᠢᠯ ᠲᠦᠷᠦᠯ ᠲᠤᠰ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠶᠢ ᠬᠦᠴᠦᠯᠡᠨ ᠰᠢᠢᠳᠪᠦᠷᠢᠯᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠴᠢᠬᠤᠯᠠᠲᠠᠢ ᠪᠠᠶᠢᠳᠠᠭ᠃ ᠨᠠᠮ ᠤᠨ ᠭᠡᠰᠢᠭᠦᠨ ᠺᠠᠳ᠋ᠷᠴᠤᠳ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠣᠳᠠᠲᠤ ᠶᠠᠪᠤᠳᠠᠯ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠭᠦ ᠶᠣᠰᠣᠲᠠᠢ᠃    ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠳᠤᠮᠳᠠ ᠢᠮᠠᠭᠲᠠ ᠲᠤᠭᠤᠰᠢᠯᠠᠭᠤᠯᠬᠤ ᠵᠣᠬᠢᠰᠲᠠᠢ᠃    ᠨᠠᠮ ᠤᠨ ᠭᠡᠰᠢᠭᠦᠨ ᠺᠠᠳ᠋ᠷᠴᠤᠳ ᠬᠢᠲᠤᠭᠠᠨ ᠢᠷ ᠢ ᠳᠣᠲᠣᠭᠰᠢ ᠬᠠᠨᠳᠤᠭᠤᠯᠬᠤ ᠵᠣᠷᠢᠭ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠯᠴᠠᠬᠤ ᠶᠢᠨ ᠳᠠᠭᠠᠤ ᠳᠤ ᠬᠠᠷᠢᠴᠠᠭᠤᠯᠵᠤ᠂ ᠪᠠᠶᠢᠴᠠᠭᠠᠨ ᠰᠢᠨᠵᠢᠵᠦ᠂ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠬᠦᠴᠦᠯᠡᠵᠦ᠂ ᠠᠶᠤᠯ ᠲᠦᠭᠰᠢᠭᠦᠷᠢ ᠶᠢᠨ ᠴᠡᠭ ᠢ ᠪᠠᠶᠢᠴᠠᠭᠠᠬᠤ ᠪᠠᠷ ᠪᠠᠷᠠᠬᠤ ᠦᠭᠡᠢ ᠪᠠᠰᠠ ᠪᠠᠭᠤᠷᠠᠢ ᠲᠠᠯ᠎ᠠ ᠶᠢ ᠪᠠᠶᠢᠴᠠᠭᠠᠵᠤ᠂ ᠢᠯᠠ ᠠᠰᠠᠭᠤᠳᠠᠯ ᠢ ᠡᠷᠢᠬᠦ ᠪᠠᠷ ᠪᠠᠷᠠᠬᠤ ᠦᠭᠡᠢ ᠪᠠᠰᠠ ᠳᠠᠯᠳᠠ ᠠᠰᠠᠭᠤᠳᠠᠯ ᠢ ᠡᠷᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠡᠷᠢᠬᠦ ᠪᠠᠷ ᠪᠠᠷᠠᠬᠤ ᠦᠭᠡᠢ ᠪᠠᠰᠠ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢ ᠠᠭᠤᠳᠠᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠷᠢᠮᠲᠠᠯᠠᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠭᠤᠴᠠᠯᠭ᠎ᠠ ᠶᠢᠨ ᠨᠢᠭᠡᠴᠢ ᠪᠣᠯᠣᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ ᠂ ᠦᠨᠡᠨ ᠬᠦ ᠴᠡᠭᠴᠡᠯᠡᠨ ᠰᠠᠶᠢᠵᠢᠷᠠᠭᠤᠯᠵᠤ᠂ ︽ᠣᠳᠣᠬᠠᠨ ᠳᠤ ᠴᠡᠭᠴᠡᠯᠡᠨ ᠰᠠᠶᠢᠵᠢᠷᠠᠭᠤᠯᠬᠤ︾ ᠪᠠ ︽ᠣᠷᠳᠣ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠦᠷ ᠴᠠᠭ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢᠯᠠᠩᠭᠤᠶ᠎ᠠ ᠣᠯᠠᠨ ᠲᠦᠮᠡᠨ ᠤ ᠲᠤᠰᠬᠠᠯ ᠴᠢᠩᠭ᠎ᠠ ᠂ ᠣᠷᠳᠣ ᠬᠤᠭᠤᠴᠠᠭ᠎ᠠ ᠪᠠᠷ ᠰᠢᠢᠳᠪᠦᠷᠢᠯᠡᠭᠡᠳᠦᠢ ᠲᠣᠪᠤᠶᠢᠮ᠎ᠠ ᠠᠰᠠᠭᠤᠳᠠᠯ ᠳᠤ ᠲᠤᠰᠬᠠᠢ ᠴᠡᠭᠴᠡᠯᠡᠨ ᠵᠠᠰᠠᠬᠤ ᠲᠥᠰᠥᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠣᠬᠢᠰᠲᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ