ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠶ᠎ᠠ
ᠨᠡᠶᠢᠲᠡᠯᠡᠭᠰᠡᠨ ᠴᠠᠭ᠄
2023/12/11
    ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ ᠬᠦᠷᠲᠡᠭᠡᠬᠦ ᠦᠢᠯᠡᠰ ᠮᠥᠨ᠃ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠨᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠣᠲᠣᠭᠠᠳᠤ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠨᠠᠩ ᠴᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠬᠠᠮᠠᠭᠠᠯᠠᠵᠤ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠤᠨ ᠪᠣᠳᠠᠲᠤ ᠬᠡᠷᠡᠭᠴᠡᠭᠡ ᠪᠣᠯᠣᠨ᠎ᠠ᠃    ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠡᠬᠡ ᠪᠠᠶᠢᠭᠠᠯᠢ ᠠᠴᠠ ᠥᠪᠥᠷ ᠮᠣᠩᠭᠤᠯ ᠳᠤ ᠰᠣᠶᠣᠷᠬᠠᠭᠰᠠᠨ ᠬᠠᠮᠤᠭ ᠤᠨ ᠡᠷᠬᠢᠮ ᠨᠠᠨᠳᠢᠨ ᠥᠪ ᠬᠥᠷᠥᠩᠭᠡ ᠮᠥᠨ᠂ ᠡᠷᠬᠡᠪᠰᠢ ᠬᠤᠪᠢ ᠲᠠᠭᠢᠨ ᠨᠠᠨᠳᠢᠩᠨᠠᠵᠤ᠂ ᠬᠤᠪᠢ ᠲᠠᠭᠢᠨ ᠬᠠᠶᠢᠷᠠᠯᠠᠨ ᠬᠠᠮᠠᠭᠠᠯᠠᠬᠤ ᠬᠡᠷᠡᠭᠲᠡᠢ᠃ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠬᠡᠳᠦ᠋ᠢᠪᠡᠷ ᠢᠯᠡᠳᠲᠡ ᠰᠠᠶᠢᠵᠢᠷᠠᠭᠰᠠᠨ ᠪᠤᠯᠪᠠᠴᠤ ᠪᠦᠲᠦᠴᠡ ᠶᠢᠨ ᠴᠢᠨᠠᠷᠲᠠᠢ᠂ ᠦᠨᠳᠦᠰᠦ ᠰᠤᠷᠪᠤᠯᠵᠢ ᠶᠢᠨ ᠴᠢᠨᠠᠷᠲᠠᠢ ᠂ ᠬᠠᠨᠳᠤᠰᠢ ᠶᠢᠨ ᠴᠢᠨᠠᠷᠲᠠᠢ ᠳᠠᠷᠤᠯᠲᠠ ᠬᠠᠷᠠᠬᠠᠨ ᠦᠨᠳᠦᠰᠦᠨ ᠠᠴᠠ ᠪᠠᠨ ᠨᠠᠮᠳᠠᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠡᠨᠡ ᠨᠢ ᠢᠮᠠᠭᠲᠠ ᠡᠨᠡ ᠬᠦ ᠬᠥᠪᠴᠢ ᠶᠢ ᠴᠢᠩᠭᠠᠯᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠬᠥᠳᠡᠯᠭᠡᠬᠦ ᠬᠦᠴᠦᠨ ᠪᠤᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠠᠵᠢᠯ ᠤᠨ ᠵᠠᠷᠴᠢᠮ ᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠯ᠎ᠠ ᠨᠤᠲᠤᠭ᠂ ᠤᠢ ᠰᠢᠭᠤᠢ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠥᠬᠦᠷᠡᠰᠢ ᠦᠭᠡᠢ᠂ ᠴᠤᠴᠠᠯᠲᠠ ᠦᠭᠡᠢ ᠴᠢᠷᠮᠠᠶᠢᠨ ᠴᠣᠭᠴᠠᠯᠠᠬᠤ ᠴᠢᠬᠤᠯᠠᠲᠠᠢ᠃    ᠠᠮᠢ ᠠᠬᠤᠢ ᠬᠡᠪᠡᠷᠡᠭ ᠪᠤᠯᠬᠤ ᠭᠠᠵᠠᠷ ᠣᠷᠣᠨ ᠠᠮᠢ ᠠᠬᠤᠢ ᠶᠢᠨ ᠵᠢᠮ᠎ᠡ ᠶᠣᠰᠣ ᠶᠢ ᠢᠯᠡᠭᠦᠬᠡᠨ ᠰᠤᠳᠤᠯᠤᠨ ᠵᠢᠷᠤᠮᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠢᠮᠠᠭᠲᠠ ᠲᠤᠭᠤᠰᠢᠯᠠᠭᠤᠯᠬᠤ ᠬᠡᠷᠡᠭᠲᠡᠢ᠃ ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠪᠤᠢ ᠪᠤᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ︽ᠴᠠᠭ ᠢᠮᠠᠭᠲᠠ ᠰᠡᠳᠬᠢᠯ ᠠᠮᠤᠷ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ᠂ ᠨᠠᠶᠢᠳᠠᠪᠤᠷᠢᠵᠢᠭᠤᠯᠬᠤ ᠶᠣᠰᠣᠲᠠᠢ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠭᠯᠡᠭᠦᠯᠦᠯᠲᠦ ᠴᠢᠨᠠᠷᠲᠠᠢ ᠪᠠᠷ ᠨᠣᠭᠤᠭᠠᠷᠠᠭᠤᠯᠤᠯᠲᠠ ᠶᠢ ᠬᠠᠮᠠᠭᠠᠯᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠬᠠᠮᠠᠭᠠᠯᠠᠯᠲᠠ ᠪᠠ ᠰᠡᠷᠭᠦᠭᠡᠯᠲᠡ ᠳᠤᠮᠳᠠᠬᠢ ᠬᠡᠯᠪᠡᠷᠢᠴᠢ ᠦᠵᠡᠯ ᠤᠨ ᠠᠰᠠᠭᠤᠳᠠᠯ ᠢ ᠰᠡᠷᠡᠮᠵᠢᠯᠡᠵᠦ᠂ ᠣᠬᠤᠷ ᠬᠤᠭᠤᠴᠠᠭᠠᠨ ᠤ ᠠᠰᠢᠭ ᠲᠤᠰᠠ ᠪᠠᠷ ᠬᠥᠲᠥᠯᠥᠭᠦᠯᠵᠦ ᠪᠤᠯᠬᠤ ᠦᠭᠡᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠨᠡᠷ᠎ᠡ ᠪᠠᠷ ᠠᠮᠢ ᠠᠬᠤᠢ ᠶᠢ ᠡᠪᠳᠡᠵᠦ ᠪᠤᠯᠬᠤ ᠦᠭᠡᠢ᠃ ᠳᠦᠷᠢᠮ ᠲᠣᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ ᠤᠯᠠᠨ ᠠᠷᠭ᠎ᠠ ᠪᠤᠳᠤᠵᠤ᠂ ᠤᠯᠠᠨ ᠪᠦᠳᠦᠮᠵᠢᠳᠠᠢ ᠠᠷᠭ᠎ᠠ ᠭᠠᠷᠭᠠᠵᠤ ᠬᠤᠯᠪᠣᠭᠳᠠᠯ ᠪᠦᠬᠦᠢ ᠳᠦᠷᠢᠮ ᠲᠣᠭᠲᠠᠴᠠ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠬᠤᠷᠴᠠ ᠰᠡᠯᠡᠮ᠎ᠡ ᠶᠢ ᠰᠠᠶᠢᠲᠤᠷ ᠬᠡᠷᠡᠭᠯᠡᠵᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠦᠨᠡᠨ ᠬᠦ ᠪᠠᠶᠢᠭᠤᠯᠬᠤ ᠬᠡᠷᠡᠭᠲᠡᠢ᠃    ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠭᠠᠭᠴᠠ ᠬᠦ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠤ ᠲᠦᠰᠢᠭᠯᠡᠪᠡᠯ ᠰᠠᠶ᠋ᠢ ᠪᠡᠶᠡᠯᠡᠭᠦᠯᠵᠦ ᠴᠢᠳᠠᠨ᠎ᠠ᠃ ᠣᠶᠢᠯᠠᠭᠠᠭᠳᠠᠬᠤᠨ ᠢ ᠭᠦᠨᠵᠡᠭᠡᠢ ᠬᠤᠪᠢᠷᠠᠭᠤᠯᠵᠤ᠂ ᠳᠦᠷᠢᠮ ᠢ ︽ᠰᠢᠳᠦ︾ ᠤᠷᠭᠤᠭᠤᠯᠵᠤ᠂ ᠠᠵᠢᠯᠯᠠᠭ᠎ᠠ ᠶᠢ ᠤᠬᠠᠮᠰᠠᠷ ᠪᠣᠯᠭᠠᠨ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠴᠢᠩᠭ᠎ᠠ ᠠᠳᠬᠤᠵᠤ ᠪᠣᠳᠠᠲᠠᠢ ᠠᠳᠬᠤᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠳᠠᠮᠵᠢᠭᠤᠯᠤᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ᠂ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠤᠯᠭᠠᠵᠤ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ ᠬᠦᠴᠦᠨ ᠢ ᠦᠷᠭᠦᠯᠵᠢᠯᠡᠨ ᠴᠢᠩᠭᠠᠳᠬᠠᠪᠠᠯ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠯᠠᠪᠲᠠᠢ ᠨᠠᠩ ᠪᠠᠲᠤ ᠪᠠᠬᠢ ᠪᠣᠯᠵᠤ᠂ ᠦᠷ᠎ᠡ ᠪᠦᠲᠦᠭᠡᠯ ᠨᠢ ᠨᠠᠩ ᠡᠯᠪᠡᠭ ᠪᠠᠶᠠᠯᠢᠭ ᠪᠤᠯᠬᠤ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ