ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠣᠶ᠎ᠠ
ᠨᠡᠶᠢᠲᠡᠯᠡᠭᠰᠡᠨ ᠴᠠᠭ᠄
2023/12/11
    ᠨᠡᠭᠡᠭᠡᠯᠲᠡ ᠬᠢᠬᠦ ᠲᠤᠳᠦᠮ ᠬᠥᠭᠵᠢᠨ ᠮᠠᠨᠳᠤᠨ᠎ᠠ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠃ ᠡᠨᠡ ᠤᠳᠠᠭ᠎ᠠ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠱᠦᠵᠢ ᠳᠠᠬᠢᠨᠲᠠ ᠥᠪᠥᠷ ᠮᠣᠩᠭᠤᠯ ᠤᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠬᠤ ᠳᠤ ᠪᠠᠶᠢᠷᠢᠯᠠᠭᠤᠯᠤᠯᠲᠠ ᠬᠢᠵᠦ᠂ ︽ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠳᠤ᠂ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃    ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠪᠣᠯ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ ᠮᠤᠵᠢ ᠲᠠᠢ ᠵᠠᠯᠭᠠᠯᠳᠤᠵᠤ᠂ ᠭᠠᠳᠠᠭᠠᠳᠤ ᠳᠠᠭᠠᠨ ᠤᠷᠤᠰ ᠮᠣᠩᠭᠤᠯ ᠲᠠᠢ ᠬᠥᠷᠰᠢᠯᠡᠵᠦ᠂ ᠲᠡᠦᠬᠡᠨ ᠳᠡᠭᠡᠷ᠎ᠡ ︽ᠲᠠᠯ᠎ᠠ ᠨᠤᠲᠤᠭ ᠤᠨ ᠲᠣᠷᠭᠠᠨ ᠵᠠᠮ︾᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ ᠬᠦᠢᠰᠦ ᠪᠠ ᠵᠠᠮ ᠱᠤᠭᠤᠮ ᠪᠠᠶᠢᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠨᠡᠭᠡᠭᠡᠯᠲᠡ ᠬᠢᠬᠦ ᠨᠥᠬᠦᠴᠡᠯ ᠢᠶᠠᠷ ᠢᠶᠠᠨ ᠤᠯᠠᠨ ᠠᠴᠠ ᠳᠠᠪᠠᠭᠤᠯᠢᠭ ᠪᠠᠶᠢᠳᠠᠭ᠃ ᠨᠡᠭᠡᠭᠡᠯᠲᠡ ᠬᠢᠬᠦ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠳᠤ ᠥᠪᠥᠷ ᠮᠣᠩᠭᠤᠯ ᠤᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠬᠡᠮᠵᠢᠶᠡᠯᠡᠰᠢ ᠦᠭᠡᠢ ᠪᠠᠶᠢᠳᠠᠭ᠃ ᠣᠷᠣᠨ ᠳᠠᠶᠠᠭᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯᠣᠨ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠦᠷᠢᠶ᠎ᠡ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡ ᠶᠢᠨ ᠲᠠᠰ ᠳᠠᠪᠬᠤᠷᠭ᠎ᠠ ᠪᠣᠯᠣᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠨ ᠡᠷᠭᠢᠨ ᠲᠣᠭᠤᠷᠢᠨ ᠢ ᠨᠥᠯᠥᠭᠡᠯᠡᠬᠦ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠯᠴᠡᠭᠦᠯᠬᠦ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠪᠣᠯᠭᠠᠨ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃    ᠦᠵᠡᠯᠲᠡ ᠬᠤᠪᠢᠷᠠᠪᠠᠰᠤ ᠵᠠᠮ ᠥᠷᠭᠡᠨ ᠪᠣᠯᠣᠮᠤᠢ᠃ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠳᠤ᠂ ᠡᠩ ᠲᠡᠷᠢᠭᠦᠨ ᠳᠤ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠ ᠦᠵᠡᠯᠲᠡ ᠶᠢᠨ ᠶᠡᠭᠡ ᠰᠢᠨᠡᠴᠢᠯᠡᠯᠲᠡ ᠶᠢ ᠠᠬᠢᠭᠤᠯᠬᠤ ᠬᠡᠷᠡᠭᠲᠡᠢ᠃ ᠭᠠᠵᠠᠷ ᠵᠦᠢ ᠶᠢᠨ ᠪᠠᠶᠢᠷᠢᠰᠢᠯ ᠤᠨ ᠬᠤᠪᠢ ᠳᠤ᠂ ᠬᠢᠯᠢ ᠬᠢᠵᠠᠭᠠᠷ ᠭᠡᠳᠡᠭ ᠨᠢ ᠦᠨᠡᠨ ᠳᠡᠭᠡᠨ ᠨᠡᠭᠡᠭᠡᠯᠲᠡ ᠶᠢᠨ ᠬᠤᠰᠢᠭᠤᠴᠢ ᠣᠷᠣᠨ ᠪᠣᠯᠣᠨ᠎ᠠ᠃ ᠬᠤᠰᠢᠭᠤᠴᠢ ᠶᠢᠨ ᠡᠩᠨᠡᠭᠡᠨ ᠳᠤ ᠵᠣᠭᠰᠣᠵᠤ ᠴᠢᠳᠠᠬᠤ ᠡᠰᠡᠬᠦ ᠨᠢ ᠬᠤᠯᠪᠣᠯᠳᠤᠭᠤᠯᠤᠨ ᠨᠡᠪᠲᠡᠷᠡᠯᠴᠡᠬᠦ ᠨᠡᠭᠡᠭᠡᠯᠲᠡᠲᠤ ᠵᠣᠷᠢᠭ ᠪᠠᠶᠢᠬᠤ ᠡᠰᠡᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠦᠵᠡᠯ ᠰᠠᠨᠠᠭ᠎ᠠ ᠣᠶᠢᠯᠠᠭᠠᠭᠳᠠᠬᠤᠨ ᠪᠠᠶᠢᠬᠤ ᠡᠰᠡᠬᠦ ᠶᠢ ᠦᠵᠡᠨ᠎ᠡ᠃ ᠡᠯ᠎ᠡ ᠱᠠᠲᠤᠨ ᠤ ᠺᠠᠳ᠋ᠷᠴᠤᠳ ᠳᠡᠯᠡᠬᠡᠢ ᠶᠢᠨ ᠬᠠᠷᠠᠴᠠ᠂ ᠤᠯᠠᠨ ᠤᠯᠤᠰ ᠤᠨ ᠬᠠᠷᠠᠭᠠᠰᠤ ᠶᠢ ᠪᠤᠢ ᠪᠤᠯᠭᠠᠵᠤ᠂ ᠨᠡᠭᠡᠭᠡᠯᠲᠡᠲᠤ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠪᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠢ ᠳᠠᠪᠠᠵᠤ ᠬᠥᠭᠵᠢᠯᠲᠡ ᠶᠢ ᠡᠷᠢᠯᠬᠢᠯᠡᠵᠦ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠠᠴᠠ ᠪᠦᠭᠦ ᠲᠠᠯ᠎ᠠ ᠪᠠᠷ ᠨᠡᠭᠡᠭᠡᠯᠲᠡ ᠶᠢ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠡᠨ ᠬᠦ ᠨᠡᠭᠡᠭᠡᠯᠲᠡᠲᠤ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠭᠡᠷᠡᠭᠲᠡᠢ ; ︽ᠳᠣᠯᠤᠭ᠎ᠠ ᠶᠢ ᠲᠠᠶᠠᠭᠳᠠᠬᠤ︾ ᠶᠢ ᠦᠨᠡᠨ ᠬᠦ ᠪᠡᠶᠡᠯᠡᠭᠦᠯᠵᠦ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾᠂ ︽ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠲᠡᠭᠦᠯᠳᠡᠷᠵᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾᠂ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠬᠥᠭᠵᠢᠯᠲᠡ ᠮᠥᠨ︾᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠴᠤ ᠨᠡᠭᠡᠭᠡᠯᠲᠡ ᠬᠢᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠡᠬᠦ᠋ᠢᠨ ᠰᠦᠨᠳᠡᠷᠯᠡᠭᠦᠯᠬᠦ ᠬᠡᠷᠡᠭᠲᠡᠢ᠃    ᠨᠡᠭᠡᠭᠡᠯᠲᠡ ᠬᠢᠨ᠎ᠡ ᠭᠡᠬᠦ ᠳᠤ ᠮᠠᠰᠢ ᠣᠯᠠᠨ ᠬᠥᠮᠥᠨ ᠵᠥᠪᠭᠡᠨ ᠭᠠᠳᠠᠭᠠᠳᠤ ᠨᠡᠭᠡᠭᠡᠯᠲᠡ᠂ ᠤᠮᠠᠷᠠᠰᠢ ᠨᠡᠭᠡᠭᠡᠯᠲᠡ ᠬᠢᠬᠦ ᠶᠢ ᠯᠡ ᠪᠤᠳᠤᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠠᠭᠤᠰᠤᠯᠴᠠᠬᠤ ᠶᠢ ᠣᠮᠲᠣᠭᠠᠶᠢᠯᠠᠳᠠᠭ᠃ ᠦᠨᠡᠨ ᠳᠡᠭᠡᠨ᠂ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠢᠶᠠᠷ ᠲᠤᠯᠭᠠᠭᠤᠷᠢ ᠪᠤᠯᠭᠠᠬᠤ ᠦᠭᠡᠢ ᠪᠣᠯ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢ ᠬᠢᠵᠦ ᠳᠡᠶᠢᠯᠭᠦ ᠦᠭᠡᠢ ᠶᠤᠮ᠃ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠬᠤ ᠨᠢ ᠵᠠᠩᠭᠢᠯᠠᠭ᠎ᠠ ᠪᠣᠯᠣᠨ᠎ᠠ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠭᠡᠭᠡᠯᠲᠡ ᠬᠢᠬᠦ ᠥᠷᠭᠡᠴᠡ ᠪᠠ ᠭᠦᠨᠴᠡ ᠶᠢ ᠥᠷᠭᠡᠳᠬᠡᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠪᠠᠶᠢᠳᠠᠯ ᠢ ᠠᠰᠢᠭᠯᠠᠨ ᠬᠦᠴᠦᠯᠡᠵᠦ᠂ ᠣᠩᠭᠤᠴᠠ ᠵᠢᠭᠡᠯᠡᠨ ᠲᠠᠯᠠᠢ ᠳᠤ ᠭᠠᠷᠴᠤ᠂ ᠱᠠᠲᠤ ᠵᠢᠭᠡᠯᠡᠨ ᠥᠨᠳᠥᠷ ᠲᠤ ᠠᠪᠠᠷᠢᠵᠤ᠂ ᠣᠷᠣᠨ ᠤ ᠳᠣᠲᠣᠷᠠᠬᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠦᠷᠳᠡᠭ ᠤᠨ ᠬᠡᠯᠬᠢᠶ᠎ᠡ ᠶᠢ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠦᠭᠦ ᠲᠠᠯ᠎ᠠ ᠪᠠᠷ ᠵᠣᠯᠭᠠᠯᠳᠤᠭᠤᠯᠤᠨ᠂ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠨᠡᠭᠡᠭᠡᠯᠲᠡ ᠶᠢᠨ ᠳᠤᠮᠳᠠ ᠠᠽᠢᠶ᠎ᠠ᠂ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠡᠸᠦ᠋ᠷᠦᠫᠡ ᠲᠢᠪ ᠪᠣᠯᠣᠨ ᠪᠦᠭᠦ ᠳᠡᠯᠡᠬᠡᠢ ᠳᠤ ᠥᠷᠭᠡᠵᠢᠬᠦ ᠶᠢ ᠠᠬᠢᠭᠤᠯᠵᠤ᠂ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ᠂ ᠤᠯᠠᠨ ᠲᠠᠯᠠᠲᠤ ᠨᠡᠭᠡᠭᠡᠯᠲᠡᠲᠤ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠢ᠃    ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠤᠳᠠᠯᠳᠤᠭᠠᠨ ᠤ ᠠᠵᠠ ᠲᠣᠭᠢᠶᠠᠯ ᠢᠯᠡᠷᠡᠵᠦ᠂ ᠳᠠᠯᠳᠠ ᠬᠦᠴᠦᠨ ᠬᠢᠵᠠᠭᠠᠯᠠᠰᠢ ᠦᠭᠡᠢ ᠪᠠᠶᠢᠵᠤ᠂ ᠶᠠᠭ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠭᠠᠵᠠᠷ᠂ ᠪᠡᠯᠡ ᠣᠷᠣᠭᠤᠯᠵᠤ ᠦᠢᠯᠡᠰ ᠪᠣᠰᠬᠠᠬᠤ ᠰᠢᠨ᠎ᠡ ᠰᠢᠮᠡᠲᠦ ᠬᠥᠷᠥᠰᠥ ᠪᠣᠯᠵᠤ ᠪᠠᠶᠢᠨ᠎ᠠ᠃ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠳᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠬᠦ ᠳᠤ ᠶᠡᠭᠡ ᠬᠦᠴᠦ ᠣᠷᠣᠭᠤᠯᠵᠤ᠂ ᠬᠥᠭᠵᠢᠯᠲᠡ ᠶᠢᠨ ᠬᠠᠲᠠᠭᠤ ᠣᠷᠴᠢᠨ ᠨᠥᠬᠦᠴᠡᠯ ᠪᠠ ᠵᠥᠭᠡᠯᠡᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠵᠤ᠂ ᠬᠤᠳᠠᠯᠳᠤᠭᠠᠴᠢᠨ ᠢ ᠬᠦᠨᠳᠦᠳᠬᠡᠨ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠳᠤ ᠲᠥᠭᠦᠮ ᠦᠵᠡᠭᠦᠯᠵᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ︽ᠪᠣᠭᠤᠮᠢ ᠪᠣᠯᠵᠤ ᠪᠠᠶᠢᠭ᠎ᠠ︾ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠲᠥᠬᠦᠭᠡᠷᠦᠮᠵᠢ ᠶᠢᠨ ᠲᠣᠣᠷ ᠬᠤᠯᠪᠣᠬᠤ᠂ ᠲᠣᠣᠷ ᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠠᠷᠳᠠᠩ ᠬᠠᠷᠭᠤᠢ ᠶᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠥᠷᠭᠡᠨ ᠣᠯᠠᠨ ᠠᠷᠠᠯᠵᠢᠶᠠᠴᠢᠨ ᠬᠤᠳᠠᠯᠳᠤᠭᠠᠴᠢᠨ ᠢ ᠰᠡᠳᠬᠢᠯ ᠠᠮᠤᠷ ᠪᠡᠯᠡ ᠣᠷᠣᠭᠤᠯᠤᠯᠳᠠ ᠭᠢᠯᠭᠡᠵᠤ᠂ ᠰᠡᠳᠬᠢᠯ ᠬᠠᠨᠤᠮᠵᠢᠲᠠᠶ ᠠᠵᠢᠯᠯᠠᠭᠤᠯᠵᠤ᠂ ᠰᠠᠨᠠᠭᠠᠨ ᠳᠤᠨᠢ ᠲᠠᠭᠠᠷᠠᠲᠠᠯ᠎ᠠ ᠠᠰᠢᠭ ᠣᠯᠣᠭᠤᠯᠬᠤ ᠬᠡᠷᠡᠭᠲᠡᠢ᠃    ︽ᠳᠡᠯᠡᠬᠡᠢ ᠳ᠋ᠠᠬᠢᠨ ᠤ ᠬᠡᠷᠡᠭ ᠶᠠᠪᠤᠳᠠᠯ ᠳᠤᠷ ᠵᠣᠷᠢᠭᠲᠠᠢ ᠬᠠᠨᠳᠤᠵᠤ᠂ ᠬᠥᠮᠥᠨ ᠤ ᠶᠢᠷᠲᠢᠨᠴᠦ ᠶᠢᠨ ᠠᠯᠢᠪᠠ ᠪᠦᠭᠦᠨ ᠳᠤᠷ ᠬᠥᠮᠥᠰᠬᠡ ᠦᠯᠦ ᠠᠲᠤᠷᠢᠮᠤᠢ︾᠃ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠡᠷᠢᠯᠬᠢᠯᠡᠵᠦ᠂ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠤᠨ ᠨᠡᠪᠲᠡᠷᠡᠭᠦᠯᠬᠦ ᠲᠠᠯ᠎ᠠ ᠪᠠᠷ ᠬᠤᠰᠢᠭᠤᠴᠢ ᠪᠣᠯᠵᠤ᠂ ᠵᠢᠱᠢᠶᠡᠴᠢ ᠪᠣᠯᠪᠠᠯ ᠯᠠᠪᠲᠠᠢ ᠥᠪᠥᠷ ᠮᠣᠩᠭᠤᠯ ᠤᠨ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠳᠠᠪᠰᠢᠨ ᠣᠷᠣᠬᠤ ᠳᠤ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠬᠦᠴᠦᠨ ᠢᠶᠠᠨ ᠬᠤᠷᠠᠮᠳᠤᠭᠤᠯᠤᠨ ᠴᠢᠳᠠᠪᠤᠷᠢ ᠣᠯᠭᠤᠵᠤ᠂ ᠨᠢᠭᠡ ᠭᠠᠵᠠᠷ ᠣᠷᠣᠨ ᠳᠤ ᠢᠷᠠᠭᠤ ᠠᠯᠳᠠᠷ ᠢ ᠲᠡᠮᠡᠴᠡᠨ ᠣᠯᠬᠤ ᠪᠠᠷ ᠪᠠᠷᠠᠬᠤ ᠦᠭᠡᠢ ᠨᠡᠩ ᠴᠤ ᠪᠦᠭᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠵᠦ ᠴᠢᠳᠠᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ