ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ᠂ | ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠦᠨᠳᠦᠰᠦᠲᠡᠨ ᠤ ᠭᠠᠵᠠᠷ ᠣᠷᠣᠨ ᠳᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠃ ᠣᠷᠣᠨ ᠳᠠᠶᠠᠭᠠᠷ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠱᠠᠭᠠᠷᠳᠠᠭᠰᠠᠨ ︽ᠰᠢᠨ᠎ᠡ ᠵᠠᠮ ᠢ ᠨᠡᠭᠡᠭᠡᠬᠦ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ | ᠡᠵᠡᠮᠳᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ | ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ | ᠲᠦᠪᠰᠢᠨ ᠢ ᠬᠠᠮᠠᠭᠠᠯᠠᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ | ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽ᠤᠯᠤᠰ ᠤᠨ ᠶᠡᠭᠡ ᠶᠠᠪᠤᠳᠠᠯ︾ ᠪᠣᠯᠣᠨ᠎ᠠ᠃ ᠪᠢᠳᠡ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠣᠷ | ᠬᠥᠨᠥᠭᠡᠯ ᠳᠤ ᠴᠢᠭᠯᠡᠭᠦᠯᠦᠨ ᠰᠡᠷᠭᠡᠶᠢᠯᠡᠯᠲᠡ ᠶᠢ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ | ᠭᠤᠣᠯ ᠳᠠᠶᠢᠯᠠᠯᠳᠤᠭᠠᠨ ᠤ ᠲᠠᠯᠠᠪᠤᠷ᠂ ᠡᠯᠡᠰᠦᠨ ᠰᠢᠭᠤᠷᠭ᠎ᠠ ᠶᠢᠨ ᠭᠤᠣᠯ ᠰᠡᠷᠭᠡᠶᠢᠯᠡᠯᠲᠡ ᠶᠢᠨ ᠱᠤᠭᠤᠮ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠭᠡᠷᠡᠭᠲᠡᠢ ; | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ | ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠳᠠᠷᠢᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ | ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ | ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠡᠪᠳᠡᠷᠡᠰᠢ ᠦᠭᠡᠢ ᠪᠠᠲᠤ ᠪᠠᠬᠢ ᠴᠣᠭᠴᠠᠯᠠᠨ ᠪᠠᠶᠢᠭᠤᠯᠬᠤ ᠬᠡᠷᠡᠭᠲᠡᠢ᠃ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠰᠠᠶᠢᠲᠤᠷ | ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠭᠦᠨᠵᠡᠭᠡᠢ ᠲᠤᠭᠤᠰᠢᠯᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ᠂ ᠲᠦᠭᠰᠢᠭᠦᠷᠢ ᠶᠢᠨ | ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠠ ᠪᠦᠭᠦ ᠶᠠᠪᠤᠴᠠ ᠳᠤ | ᠲᠤᠭᠤᠰᠢᠯᠠᠭᠤᠯᠤᠨ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠲᠡᠢ ; ᠬᠦᠨᠳᠦ ᠶᠡᠭᠡ ᠠᠮᠤᠷ ᠲᠦᠪᠰᠢᠨ ᠤ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠭᠡᠷᠡᠭᠲᠡᠢ ; ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠩ ᠠᠮᠤᠷ ᠲᠠᠶᠢᠪᠤᠩ ᠠᠵᠤ ᠲᠦᠷᠦᠭᠦᠯᠵᠦ᠂ | ᠨᠡᠶᠢᠭᠡᠮ ᠤᠨ ᠶᠡᠭᠡ ᠲᠠᠯ᠎ᠠ ᠶᠢ ᠨᠠᠩ ᠠᠮᠤᠷ ᠲᠣᠭᠲᠠᠭᠤᠨ ᠡᠮᠬᠢ ᠵᠢᠷᠤᠮ ᠲᠠᠢ ᠪᠤᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ | ᠤᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠤᠯᠭᠠᠬᠤ ᠬᠡᠷᠡᠭᠲᠡᠢ᠃ | ᠥᠪᠥᠷ ᠮᠣᠩᠭᠤᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ | ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠃ ᠪᠢᠳᠡ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ ᠴᠢᠬᠤᠯᠠ ᠵᠦᠢᠯ | ᠪᠤᠯᠭᠠᠬᠤ ᠶᠢ ᠪᠠᠷᠢᠮᠲᠠᠯᠠᠵᠤ᠂ ᠤᠯᠤᠰ ᠤᠨ ︽ᠠᠭᠤᠷᠬᠠᠢ ᠶᠢᠨ ᠪᠤᠯᠠᠭᠳᠠᠴᠠ ᠶᠢᠨ ᠰᠠᠩ ᠬᠥᠮᠥᠷᠭᠡ︾ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ | ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠ ᠠᠴᠠ | ᠴᠢᠬᠤᠯᠠ ᠵᠦᠢᠯ ᠪᠤᠯᠭᠠᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠱᠠᠯᠠᠪᠳᠠᠭᠤᠯᠤᠨ ᠬᠢᠵᠦ ᠲᠦᠷᠭᠡᠨ ᠠᠬᠢᠭᠤᠯᠵᠤ᠂ ᠰᠢᠨ᠎ᠡ | ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ | ᠴᠢᠩᠭᠠᠳᠬᠠᠵᠤ᠂ ᠨᠡᠭᠦᠷᠡᠰᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠨ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠵᠢᠴᠢ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠬᠤᠪᠣᠷ ᠰᠢᠷᠣᠢ +︾ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠶᠢ | ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠡᠷᠴᠢᠮᠲᠡᠢ ᠪᠦᠲᠦᠭᠡᠨ ᠪᠠᠶᠢᠭᠤᠯᠬᠤ | ᠬᠡᠷᠡᠭᠲᠡᠢ᠃ | ᠥᠪᠥᠷ ᠮᠣᠩᠭᠤᠯ ᠪᠣᠯ ᠮᠠᠯ ᠠᠵᠤ ᠠᠬᠤᠢ ᠲᠠᠷᠢᠶᠠᠯᠠᠩ ᠤᠨ ᠲᠣᠮᠣ ᠣᠷᠣᠨ ᠮᠥᠨ᠂ ᠣᠷᠳᠣ ᠬᠤᠭᠤᠴᠠᠭᠠᠨ ᠤ ᠲᠤᠷᠰᠢ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠪᠢᠳᠡ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ ᠨᠡᠮᠡᠭᠳᠡᠭᠦᠯᠦᠨ᠂ | ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾ ᠶᠢ ᠴᠢᠷᠮᠠᠶᠢᠨ ᠪᠠᠶᠢᠭᠤᠯᠬᠤ ᠭᠡᠷᠡᠭᠲᠡᠢ ; ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ | ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠠᠵᠤ ᠦᠢᠯᠡᠰ ᠤᠨ ᠪᠦᠰᠡ ᠶᠢ ᠴᠣᠭᠴᠠᠯᠠᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭᠲᠦ ᠶᠢ ᠴᠣᠭᠴᠠᠯᠠᠬᠤ ᠶᠢ ᠰᠠᠶᠢᠲᠤᠷ | ᠠᠳᠬᠤᠵᠤ᠂ ᠨᠠᠩ ᠣᠯᠠᠨ ︽ᠥᠪᠥᠷ ᠮᠣᠩᠭᠤᠯ ᠨᠡᠷᠡᠮᠵᠢᠲᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠮᠣ ᠵᠠᠬ᠎ᠠ ᠳᠡᠯᠭᠡᠭᠦᠷ ᠲᠤ | ᠣᠷᠣᠭᠤᠯᠤᠨ᠂ ᠰᠠᠶᠢᠨ ᠦᠨ᠎ᠡ ᠬᠠᠩᠰᠢ ᠪᠠᠷ ᠬᠤᠳᠠᠯᠳᠤᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ᠃ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ᠎ᠠ᠃ ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ ᠮᠤᠵᠢ | ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠤᠷᠤᠰ ᠪᠣᠯᠣᠨ ᠮᠣᠩᠭᠤᠯ ᠤᠯᠤᠰ ᠲᠠᠢ ᠬᠥᠷᠰᠢᠯᠡᠵᠦ᠂ ᠣᠷᠣᠨ ᠪᠠᠶᠢᠷᠢ ᠶᠢᠨ ᠣᠨᠴᠠᠭᠠᠢ ᠳᠠᠪᠠᠭᠤᠯᠢᠭ ᠲᠠᠢ ᠶᠤᠮ᠂ | ᠳᠡᠭᠡᠭᠦᠯᠡᠷ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠬᠢᠪᠡᠯ ᠥᠪᠥᠷ ᠮᠣᠩᠭᠤᠯ ᠤᠨ ᠬᠥᠭᠵᠢᠯᠲᠡ ᠳᠠᠷᠤᠢ ᠴᠠᠭᠯᠠᠰᠢ ᠦᠭᠡᠢ ᠢᠷᠡᠭᠡᠳᠦᠢ ᠲᠠᠢ ᠪᠣᠯᠣᠨ᠎ᠠ᠃ | ᠪᠢᠳᠡ ᠨᠡᠪᠲᠡᠷᠡᠬᠦ ᠵᠠᠮ᠂ ᠬᠢᠯᠢ ᠶᠢᠨ ᠪᠣᠭᠤᠮᠲᠠ ᠪᠣᠯᠣᠨ ᠲᠠᠪᠴᠠᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠤᠨ ᠦᠢᠯᠡᠳᠦᠯ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠭᠦ ᠭᠡᠷᠡᠭᠲᠡᠢ ; ᠥᠷᠭᠡᠨ | ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠭᠠᠳᠠᠭᠰᠢᠯ ᠭᠡᠯᠪᠡᠷᠢ ᠶᠢᠨ ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠤᠨ᠂ ︽ | ᠠᠵᠤ ᠠᠬᠤᠢ ᠶᠢᠨ ᠨᠡᠪᠲᠡᠷᠡᠯ ᠵᠠᠮ︾ ᠠᠴᠠ ︽ᠨᠡᠪᠲᠡᠷᠡᠯ ᠵᠠᠮ ᠤᠨ ᠠᠵᠤ ᠠᠬᠤᠢ︾ ᠲᠡᠶᠢᠰᠢ ᠬᠤᠪᠢᠷᠠᠬᠤ ᠶᠢ ᠠᠬᠢᠭᠤᠯᠵᠤ᠂ ︽ᠳᠦᠷ ᠴᠠᠭ ᠤᠨ ᠠᠵᠤ ᠠᠬᠤᠢ︾ | ᠠᠴᠠ ︽ᠰᠠᠭᠤᠷᠢᠰᠢᠯ ᠠᠵᠤ ᠠᠬᠤᠢ︾ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠴᠣᠭᠴᠠᠯᠠᠨ ᠰᠡᠬᠦ᠋ᠢᠨ ᠰᠦᠨᠳᠡᠷᠯᠡᠭᠦᠯᠬᠦ ᠬᠡᠷᠡᠭᠲᠡᠢ᠃ | ᠲᠠᠪᠤᠨ ᠶᠡᠭᠡ ᠡᠭᠦᠷᠭᠡ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠳᠤ᠂ ᠡᠷᠬᠡᠪᠰᠢ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠬᠤ ᠬᠡᠷᠡᠭᠲᠡᠢ᠂ ᠡᠨᠡ ᠪᠣᠯ ᠪᠦᠭᠦ ᠲᠠᠯ᠎ᠠ ᠳᠤ ᠬᠤᠯᠪᠣᠭᠳᠠᠬᠤ ᠰᠢᠰᠲ᠋ᠧᠮᠲᠦ ᠴᠢᠨᠠᠷᠲᠠᠢ ᠭᠦᠨ ᠳᠠᠪᠬᠤᠷᠭ᠎ᠠ ᠶᠢᠨ ᠬᠤᠪᠢᠰᠤᠯᠲᠠ ᠪᠣᠯᠣᠨ᠎ᠠ᠃ ᠪᠢᠳᠡ ᠠᠵᠤ | ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠳᠠᠪᠠᠭᠤᠯᠢᠭ᠂ ᠮᠠᠯ ᠠᠵᠤ ᠠᠬᠤᠢ ᠲᠠᠷᠢᠶᠠᠯᠠᠩ ᠤᠨ ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠲᠡᠷᠢᠭᠦᠨ ᠤ | ᠦᠢᠯᠡᠳᠬᠦ ᠦᠢᠯᠡᠰ ᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ | ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠰᠢᠰᠲ᠋ᠧᠮ ᠤᠨ ᠳᠡᠭᠡᠳᠦ ᠲᠦᠪᠰᠢᠨᠴᠢᠯᠡᠭᠰᠡᠨ᠂ | ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ | ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ |