ᠭᠤᠣᠯ ᠰᠡᠳᠦᠪᠲᠦ ᠨᠠᠮ ᠤᠨ ᠡᠳᠦᠷ᠂ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪᠲᠦ ᠲᠠᠶᠢᠯᠤᠮᠵᠢ ᠁ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ | ᠴᠢᠩᠭ᠎ᠠ ᠠᠳᠬᠤᠨ ᠲᠦᠷᠭᠡᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠤ ᠶᠠᠪᠤᠳᠠᠯ ᠪᠣᠯᠭᠠᠨ | ᠬᠤᠪᠢᠷᠠᠭᠤᠯᠵᠤ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠬᠦᠴᠦ ᠪᠠᠨ ᠲᠥᠪᠯᠡᠷᠡᠭᠦᠯᠦᠨ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠠᠮᠠᠷᠪᠠ ᠵᠢᠷᠤᠭ ᠲᠥᠰᠥᠪ ᠨᠢ ︽ᠠᠵᠢᠯᠯᠠᠬᠤ︾ ᠠᠴᠠ ᠰᠠᠯᠪᠠᠯ ᠴᠥᠮ ᠬᠡᠢ ᠬᠤᠭᠤᠰᠤᠨ ᠵᠦᠢᠯ ᠪᠤᠯᠬᠤ ᠶᠤᠮ ; ᠶᠠᠮᠠᠷᠪᠠ ᠠᠵᠠ ᠲᠣᠭᠢᠶᠠᠯ ᠨᠢ ᠪᠣᠳᠠᠲᠠᠢ | ᠠᠵᠢᠯᠯᠠᠵᠤ ᠳᠠᠷᠤᠢ ᠲᠦᠷᠭᠡᠨ ᠬᠥᠳᠡᠯᠦᠯᠴᠡᠬᠦ ᠦᠭᠡᠢ ᠪᠣᠯ ᠲᠠᠯᠠᠭᠠᠷᠳᠠᠬᠤ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ᠂ ᠪᠦᠭᠦ ᠨᠠᠮ ᠢᠶᠠᠷ ᠢᠶᠠᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠭ᠎ᠠ ᠵᠠᠩᠭᠢᠯᠠᠭ᠎ᠠ ᠶᠢᠨ ᠴᠠᠭ | ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠨᠢ ᠥᠪᠥᠷ ᠮᠣᠩᠭᠤᠯ ᠤᠨ ᠬᠥᠭᠵᠢᠯᠲᠡ ᠳᠤ ᠲᠦᠢᠯ ᠤᠨ | ᠴᠢᠬᠤᠯᠠ ᠠᠴᠢ ᠬᠤᠯᠪᠣᠭᠳᠠᠯ ᠲᠠᠢ ᠶᠤᠮ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠠᠴᠠ ᠪᠠᠶᠢᠷᠢ | ᠲᠣᠭᠲᠠᠭᠠᠯᠲᠠ ᠣᠯᠬᠤ᠂ ᠡᠭᠦᠷᠭᠡ ᠡᠷᠢᠬᠦ᠂ ᠰᠡᠳᠬᠢᠴᠡ ᠡᠷᠢᠬᠦ᠂ ᠠᠷᠭ᠎ᠠ ᠬᠡᠮᠵᠢᠶ᠎ᠡ ᠡᠷᠢᠬᠦ ᠳᠡᠭᠡᠨ ᠴᠢᠳᠠᠮᠠᠭᠠᠢ ᠪᠠᠶᠢᠵᠤ᠂ ᠡᠷᠴᠢ ᠵᠣᠷᠢᠭ ᠢᠶᠠᠨ ᠬᠥᠪᠴᠢᠯᠡᠵᠦ᠂ | ᠰᠢᠨᠳᠠᠰᠤ ᠪᠠᠨ ᠴᠢᠩᠭᠠᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠭᠤᠶᠢᠪᠢᠰᠢ | ᠦᠭᠡᠢ ᠡᠷᠡᠰ ᠰᠢᠭᠤᠷᠬᠠᠢ ᠪᠠᠷ ᠪᠠᠲᠤᠲᠠᠢ ᠬᠡᠷᠡᠭᠵᠢᠭᠦᠯᠵᠦ ᠪᠣᠳᠠᠲᠠᠢ ᠠᠵᠢᠯᠯᠠᠪᠠᠯ ᠰᠠᠶ᠋ᠢ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ ᠬᠦᠰᠡᠯ | ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ ᠴᠢᠳᠠᠨ᠎ᠠ᠃ | ︽ᠲᠠᠪᠤᠨ ᠶᠡᠭᠡ ᠡᠭᠦᠷᠭᠡ︾ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ ᠁ ᠠᠯᠢ ᠨᠢ ᠴᠦ ᠭᠡᠳ ᠭᠢᠯᠪᠠᠷᠬᠠᠨ ᠢᠶᠠᠷ ᠳᠠᠷᠡ | ᠳᠣᠣᠷ᠎ᠠ ᠪᠠᠨ ᠪᠡᠶᠡᠯᠡᠭᠳᠡᠴᠢᠬᠡᠬᠦ ᠪᠢᠰᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ | ᠶᠡᠭᠡ ᠪᠠᠷ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠦᠷᠭᠡᠨ ᠴᠡᠭᠴᠡᠯᠡᠨ ᠵᠠᠰᠠᠵᠤ᠂ ᠲᠣᠭᠲᠠᠭᠠᠭᠰᠠᠨ | ᠶᠠᠪᠤᠳᠠᠯ ᠢ ᠱᠠᠯᠠᠪᠳᠠᠨ ᠬᠢᠵᠦ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠮᠡᠳᠡᠬᠦ ᠨᠢ ᠬᠢᠬᠦ ᠶᠢᠨ ᠡᠭᠢᠯᠡᠯᠲᠡ᠂ ᠬᠢᠬᠦ ᠨᠢ ᠮᠡᠳᠡᠬᠦ ᠶᠢᠨ ᠪᠡᠶᠡᠯᠡᠭᠳᠡᠯ ᠶᠤᠮ᠃ ᠰᠠᠭᠤᠵᠤ ᠲᠣᠭᠲᠠᠬᠤ ᠦᠭᠡᠢ᠂ ᠬᠦᠯᠢᠶᠡᠵᠦ ᠳᠡᠶᠢᠯᠭᠦ ᠦᠭᠡᠢ᠂ | ᠤᠳᠠᠭᠠᠰᠢᠷᠠᠭᠤᠯᠵᠤ ᠪᠤᠯᠬᠤ ᠦᠭᠡᠢ ᠪᠠᠴᠢᠮ ᠲᠤᠯᠭᠠᠮ ᠪᠤᠳᠤᠯ ᠲᠠᠢ ᠪᠠᠶᠢᠵᠤ᠂ ︽ᠡᠷᠲᠡᠯᠡᠬᠦ︾ ᠣᠪᠣᠷ ᠪᠠᠶᠢᠳᠠᠯ᠂ ︽ᠲᠡᠷᠢᠭᠦᠨ ᠳᠤ ᠣᠷᠣᠬᠤ ᠪᠠᠷ ᠴᠢᠷᠮᠠᠶᠢᠬᠤ︾ | ᠣᠪᠣᠷ ᠪᠠᠶᠢᠳᠠᠯ᠂ ︽ᠡᠷᠡᠮᠡᠬᠡᠶᠢᠯᠡᠨ ᠤᠷᠤᠭᠰᠢᠯᠠᠬᠤ︾ ᠣᠪᠣᠷ ᠪᠠᠶᠢᠳᠠᠯ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ | ᠦᠭᠡᠢ ᠡᠷᠡᠮᠡᠬᠡᠶᠢᠯᠡᠨ ᠤᠷᠤᠭᠰᠢᠯᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠬᠤᠷᠳᠤᠴᠠ ᠪᠠᠨ ᠤᠳᠠᠭᠠᠰᠢᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ | ᠦᠭᠡᠢ᠂ ᠠᠵᠠ ᠲᠣᠭᠢᠶᠠᠯ ᠢ ᠠᠮᠵᠢᠨ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠪᠠᠯ᠂ ᠪᠢᠳᠠ ᠠᠵᠢᠯ ᠦᠢᠯᠡᠰ ᠢᠶᠠᠨ ᠬᠥᠭᠵᠢᠭᠦᠯᠦᠨ ᠮᠠᠨᠳᠤᠭᠤᠯᠵᠤ ᠴᠢᠳᠠᠬᠤ ᠨᠢ | ᠯᠠᠪᠲᠠᠢ᠃ |