ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠪᠥᠬᠦ ᠬᠤᠲᠠ ᠶᠢᠨ ᠴᠠᠰᠤ ᠶᠢ ᠴᠡᠪᠡᠷᠯᠡᠬᠦ ᠠᠵᠢᠯ ᠤᠨ ᠲᠤᠬᠠᠶ ᠲᠤᠬᠠᠶ ᠶᠢᠨ ᠲᠠᠯᠠᠪᠠᠶ ᠳᠤ ᠠᠵᠢᠯᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/18
    12 ᠰᠠᠷ᠎ᠠ ᠶᠢᠨ 10 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠲᠤᠬᠠᠶ ᠶᠢᠨ ᠲᠠᠯᠠᠪᠠᠶ ᠳᠤ ᠠᠵᠢᠯᠯᠠᠵᠤ᠂ ᠪᠥᠬᠦ ᠬᠤᠲᠠ ᠶᠢᠨ ᠬᠠᠷᠢᠶ᠎ᠠ ᠲᠣᠭᠤᠷᠢᠭ ᠤᠨ ᠭᠤᠤᠯ ᠪᠣᠯᠬᠤ ᠵᠡᠭᠡᠯᠢ ᠭᠤᠳᠤᠮᠵᠢ ᠵᠢᠴᠢ ᠭᠤᠳᠤᠮᠵᠢ ᠪᠠᠷ ᠬᠦᠷᠴᠦ᠂ ᠪᠥᠬᠦ ᠬᠤᠲᠠ ᠶᠢᠨ ᠴᠠᠰᠤ ᠠᠷᠢᠯᠭᠠᠬᠤ ᠠᠵᠢᠯ ᠢ ᠪᠠᠶᠢᠴᠠᠭᠠᠨ ᠵᠢᠯᠣᠭᠤᠳᠴᠤ ᠪᠠᠶᠢᠨ᠎ᠠ᠃ ᠬᠤᠲᠠ ᠶᠢᠨ ᠤᠳᠤᠷᠢᠳᠤᠯᠭ᠎ᠠ   ᠮᠸᠡᠭ ᠭᠠᠩ᠂ ᠵᠢᠶᠠᠩ ᠵᠢᠶᠦ᠋ᠨ ᠶᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ 
1.jpg
2.jpg
      ᠪᠠᠢ ᡁᠢ ᠵᠢᠶᠦ᠋ᠨ᠂ ᠴᠠᠰᠤ ᠴᠡᠪᠡᠷᠯᠡᠬᠦ ᠪᠣᠯ ᠡᠪᠦᠯ ᠤᠨ ᠤᠯᠠᠷᠢᠯ ᠤᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠂ ᠠᠷᠠᠳ ᠤᠨ ᠰᠡᠳᠬᠢᠯ ᠤᠨ ᠠᠵᠢᠯ᠂ ᠠᠷᠠᠳ ᠲᠤ ᠲᠦᠬᠦᠮ ᠦᠵᠡᠭᠦᠯᠬᠦ ᠢᠨᠵᠧᠨᠧᠷᠢᠩ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠴᠠᠰᠤ ᠪᠠᠷ ᠵᠠᠷᠯᠢᠭ ᠪᠣᠯᠭᠠᠵᠤ ᠂ ᠨᠢᠭᠲᠠ ᠬᠠᠮᠵᠢᠯᠴᠠᠨ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠬᠠᠮᠵᠢᠯᠴᠠᠨ ᠪᠠᠶᠢᠯᠳᠤᠵᠤ᠂ ᠲᠤᠰᠬᠠᠶ ᠮᠡᠷᠭᠡᠵᠢᠯ ᠤᠨ ᠮᠠᠰᠢᠨ ᠮᠧᠬᠠᠨᠢᠭ ᠪᠠ ᠲᠤᠰᠬᠠᠶ ᠮᠡᠷᠭᠡᠵᠢᠯ ᠤᠨ ᠡᠩᠨᠡᠭᠡ ᠶᠢᠨ  ᠦᠢᠯᠡᠳᠦᠯ ᠢ  ᠭᠦᠢᠴᠡᠳ ᠪᠠᠳᠠᠷᠠᠭᠤᠯᠤᠨ᠂ ᠴᠠᠰᠤ ᠠᠷᠢᠯᠭᠠᠬᠤ ᠬᠥᠮᠦᠰ ᠪᠠ ᠲᠡᠷᠭᠡ ᠬᠥᠰᠬᠡ ᠶᠢ ᠵᠦᠶ ᠵᠣᠬᠢᠰᠲᠠᠶ ᠳᠣᠭᠢᠷᠠᠭᠤᠯᠤᠨ ᠂ ᠴᠠᠰᠤ ᠠᠷᠢᠯᠭᠠᠬᠤ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠭᠠᠵᠠᠷ ᠦᠯᠡᠳᠡᠭᠡᠬᠦ ᠥᠬᠡᠶ ᠪᠠᠶᠢᠯᠭᠠᠵᠤ᠂ ᠴᠠᠭ ᠲᠤᠬᠠᠶ ᠳᠤᠨᠢ ᠴᠡᠪᠡᠷᠯᠡᠵᠦ᠂ ᠴᠠᠭ ᠲᠤᠬᠠᠶ ᠳᠤᠨᠢ ᠵᠥᠭᠡᠭᠡᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠯᠪᠠᠨ ᠬᠡᠷ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠂ ᠠᠵᠤ ᠠᠬᠤᠶᠢᠯᠠᠯ ᠤᠨ ᠨᠢᠭᠡᠴᠡ᠂ ᠬᠤᠳᠠᠯᠳᠤᠭᠠᠨ ᠤ ᠡᠷᠦᠬᠡ᠂ ᠵᠢᠵᠢᠭ ᠲᠣᠭᠤᠷᠢᠭ ᠤᠨ ᠠᠳᠠᠯ ᠠᠬᠤᠶ ᠪᠠ ᠥᠮᠴᠢᠲᠡᠨ ᠤ ᠵᠥᠪᠯᠡᠯ ᠤᠨ ᠢᠳᠡᠪᠬᠢᠲᠡᠶ ᠣᠷᠣᠯᠴᠠᠬᠤ ᠶᠢ ᠳᠠᠶᠢᠴᠢᠯᠠᠨ᠂ ᠨᠡᠶᠢᠭᠡᠮ ᠤᠨ ᠬᠦᠴᠦᠨ ᠪᠠ ᠲᠤᠰᠬᠠᠶ ᠮᠡᠷᠭᠡᠵᠢᠯ ᠤᠨ ᠬᠦᠴᠦᠨ ᠢ ᠬᠠᠷᠢᠯᠴᠠᠨ ᠤᠶᠠᠯᠳᠤᠭᠤᠯᠵᠤ᠂ ᠬᠥᠮᠦᠨ ᠪᠦᠬᠦᠨ ᠴᠠᠰᠤ ᠴᠡᠪᠡᠷᠯᠡᠬᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠠᠮᠠᠭᠠᠯᠠᠵᠤ᠂ ᠬᠠᠮᠲᠤ ᠪᠠᠷ ᠡᠳ᠋ᠯᠡᠬᠦ ᠬᠡᠷᠡᠭᠲᠡᠶ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ