ᠬᠥᠯᠥᠨ ᠪᠤᠶᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠴᠦ ᠠᠳᠠᠯ  ᠦᠢᠯᠡᠰ ᠴᠣᠭᠴᠠᠯᠠᠬᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠵᠠᠯᠠᠨ ᠠᠶᠢᠯ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/12/18
1.jpg
2.jpg
    12 ᠳ᠋ᠤᠭᠠᠷ ᠰᠠᠷ᠎ᠠ ᠶᠢᠨ 2 ᠤᠨ ᠡᠳᠦᠷ᠂ ᠬᠥᠯᠥᠨ ᠪᠤᠶᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠵᠠᠯᠠᠨ ᠠᠶᠢᠯ ᠬᠤᠲᠠ ᠳᠤ ᠬᠤᠷᠠᠯᠳᠤᠵᠤ᠂ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠬᠦᠨ᠂ ᠨᠡᠶᠢᠭᠡᠮᠯᠢᠭ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠪᠦᠷᠢᠯᠳᠦᠬᠦᠨ᠂ ᠨᠡᠶᠢᠭᠡᠮᠯᠢᠭ ᠤᠨ ᠡᠯ᠎ᠡ ᠠᠵᠢᠯᠯᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠨᠡᠶᠢᠭᠡᠮᠯᠢᠭ ᠤᠨ 2023 ᠣᠨ ᠤ ᠠᠵᠢᠯ ᠵᠢᠴᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠡᠷᠭᠢᠴᠡᠭᠦᠯᠦᠨ ᠳ᠋ᠦᠩᠨᠡᠵᠦ ᠂ 2024 ᠣᠨ ᠤ ᠠᠵᠢᠯ ᠤᠨ ᠰᠡᠳᠬᠢᠴᠡ ᠶᠢ ᠳᠤᠷᠠᠳᠴᠠᠢ᠃    ᠣᠶᠢᠯᠠᠭᠠᠭᠰᠠᠨ ᠢᠶᠠᠷ᠂ ᠬᠥᠯᠥᠨ ᠪᠤᠶᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠣᠴᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠵᠦ ᠲᠠᠷᠢᠶᠠᠯᠠᠩ ᠢ ᠲᠤᠰᠠᠯᠠᠬᠤ ᠠᠵᠢᠯ ᠢ ᠶᠡᠭᠡ ᠪᠠᠷ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠠᠮᠵᠢᠯᠴᠠᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢ ᠲᠦᠯᠬᠢᠨ ᠠᠬᠢᠭᠤᠯᠬᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠢᠯᠡᠴᠢᠯᠡᠭᠡ ᠶᠢ ᠥᠷᠨᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠢᠳᠡᠪᠬᠢᠲᠡᠶ ᠦᠢᠯᠡᠳᠦᠯ ᠪᠠᠳᠠᠷᠠᠭᠤᠯᠪᠠ᠃   ᠬᠤᠷᠠᠯ ᠠᠴᠠ᠂ ᠨᠡᠶᠢᠭᠡᠮᠯᠢᠭ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠬᠦ ᠶᠢ ᠲᠦᠷᠭᠡᠳᠬᠡᠵᠦ᠂ ᠣᠷᠣᠨ ᠨᠤᠲᠤᠭ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠢ ᠵᠣᠬᠢᠶᠠᠨ ᠪᠠᠶᠢᠭᠤᠯᠤᠨ ᠲᠠᠶᠢᠴᠢᠯᠠᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ