ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠤᠰᠬᠠᠶ ᠰᠡᠳᠦᠪᠲᠦ ᠪᠠᠶᠢᠴᠠᠭᠠᠨ ᠦᠵᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 1 ᠤ ᠡᠳᠦᠷ᠂ ᠵᠠᠯᠠᠨ ᠠᠶᠢᠯ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠳᠤ ᠲᠤᠰᠬᠠᠢ ᠬᠤᠳᠠ ᠶᠢᠨ ᠤᠳᠤᠷᠢᠳᠤᠯᠭ᠎ᠠ ᠰᠦᠨ ᠰᠢᠤ ᠹᠸᠢ᠂ ᠦ᠋ ᠴᠧᠨ ᠳ᠋ᠦᠩ᠂ ᠵᠠᠩ ᠴᠤᠸᠠᠨ ᠹᠦ᠋᠂ ᠴᠧᠨ ᠬᠤᠢ ᠂ ᠯᠢᠦ ᠬᠤᠩ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ 
1.jpg
2.jpg
    ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠴᠢᠩᠭᠢᠰ ᠬᠠᠭᠠᠨ ᠤ ᠵᠢᠵᠢᠭ ᠲᠣᠭᠤᠷᠢᠭ᠂ ᠬᠠᠷᠮᠠᠨ ᠴᠡᠴᠡᠷᠯᠢᠭ᠂ ᠰᠢᠦ ᠱᠦᠶ ᠬᠤᠸᠠ ᠲᠢᠩ ᠵᠢᠵᠢᠭ ᠲᠣᠭᠤᠷᠢᠭ ᠤᠨ ᠵᠠᠮ ᠤᠨ ᠬᠡᠰᠡᠭ᠂ ᠤᠤᠯ ᠤᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠠᠰᠠᠷ ᠤᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ᠂  ᠳᠢᠶᠠᠥ  ᠴᠢᠶᠤᠥ  ᠴᠡᠴᠡᠷᠯᠢᠭ ᠵᠡᠷᠭᠡ  ᠵᠦᠢᠯᠡᠰ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠲᠦᠷᠦᠯ ᠵᠦᠢᠯ ᠤᠨ ᠲᠦᠢᠮᠣ ᠪᠠᠶᠢᠳᠠᠯ ᠵᠢᠴᠢ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠥᠯᠥᠭᠡᠯᠡᠭᠴᠢᠳ ᠶᠠᠪᠤᠬᠤ ᠶᠢᠨ ᠳᠠᠭᠠᠤ ᠦᠵᠡᠵᠦ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠣᠬᠢᠶᠠᠯᠳᠤᠭᠰᠠᠨ ᠠᠰᠠᠭᠤᠳᠠᠯ ᠢ ᠠᠰᠠᠭᠤᠨ ᠯᠠᠪᠯᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃
3.jpg
4.jpg
    ᠪᠠᠶᠢᠴᠠᠭᠠᠨ ᠦᠵᠡᠬᠦ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠤᠯᠠᠮ ᠨᠠᠷᠢᠨ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠵᠦ᠂ ᠵᠠᠯᠠᠨ ᠠᠶᠢᠯ ᠬᠤᠳᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ