ᠵᠠᠯᠠᠨ ᠠᠶᠢᠯ ᠬᠤᠲᠠ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠭᠤᠷᠪᠠᠳᠤᠭᠠᠷ ᠤᠳᠠᠭᠠᠨ ᠤ  ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
    12 ᠰᠠᠷ᠎ᠠ ᠶᠢᠨ 26 ᠤ ᠡᠳᠦᠷ᠂ ᠵᠠᠯᠠᠨ ᠠᠶᠢᠯ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ‍ᠤᠨ‌ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠥᠯᠥᠨ ᠪᠤᠶᠢᠷ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠣᠣ ᠭᠤᠸᠠᠩ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
 1.jpg
2.jpg
        ᠬᠤᠷᠠᠯ ᠠᠴᠠ ᠵᠢᠭᠠᠵᠤ ᠭᠠᠷᠭᠠᠭᠰᠠᠨ ᠨᠢ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ ᠲᠡᠦᠬᠡᠲᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠦᠨᠳᠦᠰᠦᠲᠡᠨ ᠤ ᠪᠠᠨ ᠦᠨᠳᠦᠰᠦ ᠶᠢ ᠲᠡᠳᠬᠦᠵᠦ ᠰᠦᠭ ᠰᠦᠨᠡᠰᠦ ᠶᠢ ᠱᠤᠭᠤᠬᠤ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠷᠭᠡᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠢ ᠬᠦᠳᠦᠯᠦᠨ ᠳᠠᠭᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠠᠵᠢᠯ ᠢᠶᠠᠨ ᠥᠷᠨᠢᠭᠦᠯᠵᠦ᠂ ᠤᠳᠬ᠎ᠠ ᠤᠷᠠᠯᠢᠭ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠡ ᠵᠠᠰᠠᠭ ᠤᠨ ᠣᠷᠳᠣᠨ ᠪᠣᠯᠤᠨ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠣᠯᠤᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ ᠶᠢᠨ ᠲᠥᠯᠥᠭᠡ ᠨᠡᠶᠢᠭᠡᠮ ᠵᠢᠷᠤᠮ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠴᠢᠷᠮᠠᠶᠢᠨ ᠴᠣᠭᠴᠠᠯᠠᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠶᠡᠭᠡ ᠬᠤᠷᠠᠯ ᠠᠴᠠ ᠵᠠᠯᠠᠨ ᠠᠶᠢᠯ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠵᠢᠴᠢ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠢ ᠰᠣᠩᠭᠤᠨ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ