ᠵᠠᠯᠠᠨ ᠠᠶᠢᠯ ᠬᠤᠲᠠ  ᠶᠢᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ‌ᠢ ᠪᠠᠶᠠᠷᠯᠠᠨ ᠤᠭᠲᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠴᠤᠭ ᠵᠢᠪᠬᠤᠭ᠎ᠠ ᠶᠢ ᠳᠡᠯᠭᠡᠨ ᠦᠵᠡᠭᠦᠯᠬᠦ︾  ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/12/28
    ᠪᠥᠮᠪᠦᠭᠡ ᠪᠠᠷ ᠨᠠᠶᠢᠵᠠ ᠲᠠᠢ ᠪᠠᠨ ᠬᠠᠮᠲᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠤᠷᠤᠯᠳᠤᠭᠠᠨ ᠢᠶᠠᠷ ᠴᠤᠭ ᠵᠢᠪᠬᠤᠭ᠎ᠠ ᠪᠠᠨ ᠭᠠᠶᠢᠬᠠᠭᠤᠯᠤᠨ᠎ᠠ᠃ 12 ᠰᠠᠷ᠎ᠠ ᠶᠢᠨ 9 ᠤ ᠡᠳᠦᠷ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ‍ᠤᠨ‌‍ᠶᠡᠭᠡ‌ᠬᠤᠷᠠᠯ ‍ᠤᠨ‌‍ᠰᠢᠰᠲ᠋ᠧᠮ ᠤᠨ ᠬᠢᠨ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ‌ᠢ ᠪᠠᠶᠠᠷᠯᠠᠨ ᠤᠭᠲᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠴᠤᠭ ᠵᠢᠪᠬᠤᠭ᠎ᠠ ᠶᠢ ᠳᠡᠯᠭᠡᠨ ᠦᠵᠡᠭᠦᠯᠬᠦ︾ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠪᠠ᠃ ᠬᠤᠳᠠ ᠶᠢᠨ ᠤᠳᠤᠷᠢᠳᠤᠯᠭ᠎ᠠ ᠰᠦᠨ ᠰᠢᠤ ᠹᠸᠢ᠂ ᠰᠦᠩ ᠬᠤᠢ᠂ ᠵᠠᠩ ᠴᠤᠸᠠᠨ ᠹᠦ᠋᠂ ᠴᠧᠨ ᠬᠤᠢ᠂ ᠯᠢᠦ ᠬᠤᠩ ᠪᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
1.jpg
     ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠠᠮᠢᠷᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ ᠪᠠᠷ ᠪᠥᠮᠪᠥᠭᠡᠨ ᠫᠠᠶᠢᠰᠠ ᠪᠠᠨ ᠬᠤᠷᠦ᠋ᠢᠯᠵᠠᠭᠤᠯᠵᠤ᠂ ᠤᠷᠲᠦ ᠬᠤᠭᠤᠴᠠᠭ᠎ᠠ ᠣᠬᠤᠷ ᠬᠤᠭᠤᠴᠠᠭ᠎ᠠ ᠪᠠᠷ ᠲᠠᠲᠠᠵᠤ᠂ ᠬᠦᠴᠦᠲᠡᠢ ᠪᠠᠷ ᠬᠥᠮᠥᠷᠢᠨ ᠴᠣᠬᠢᠬᠤ ᠵᠡᠷᠭᠡ ᠭᠤᠶᠢᠳᠠ ᠰᠠᠶᠢᠬᠠᠨ ᠥᠷᠢᠰᠥᠯᠳᠦᠭᠡᠨ ᠨᠦᠭᠦᠳ ᠬᠥᠮᠦᠰ ᠤᠨ ᠨᠢᠳᠦ ᠶᠢ ᠡᠷᠢᠶᠡᠯᠵᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌‍ᠰᠢᠰᠲ᠋ᠧᠮ ‍ᠤᠨ‌‍ᠺᠠᠲᠡᠷ‌ᠠᠵᠢᠯᠲᠠᠳ ᠤᠨ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠠ ᠮᠠᠭᠲᠠᠭᠠᠯ ᠰᠠᠶᠢᠰᠢᠶᠠᠯ ᠢ ᠤᠯᠪᠠ᠃ 
2.jpg
 
3.jpg
     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠬᠤᠯᠢᠮᠠᠭ ᠪᠦᠯᠬᠦᠮ ᠪᠠ ᠡᠷᠡᠭᠲᠡᠶ ᠶᠢᠨ ᠭᠤᠴᠣᠯᠠᠯ᠂ ᠡᠮᠡᠭᠲᠡᠶ ᠶᠢᠨ ᠭᠤᠴᠣᠯᠠᠯ ᠭᠡᠬᠦ ᠬᠡᠯᠪᠡᠷᠢ ᠪᠠᠷ ᠶᠠᠪᠤᠭᠳᠠᠭᠤᠯᠤᠨ᠎ᠠ᠃ ᠡᠭᠦᠨ ᠤ ᠵᠣᠷᠢᠯᠭ᠎ᠠ ᠨᠢ ᠪᠥᠮᠪᠦᠭᠡ ᠪᠠᠷ ᠨᠠᠶᠢᠵᠠ ᠨᠥᠬᠦᠳ ᠲᠠᠢ ᠪᠠᠨ ᠠᠭᠤᠯᠵᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ‍ᠤᠨ‌‍ᠺᠠᠲᠡᠷ ᠠᠵᠢᠯᠲᠠᠨ ᠤ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠂ ᠪᠥᠬᠦ ᠬᠤᠲᠠ ᠶᠢᠨ ᠠᠷᠠᠳ ᠲᠦᠮᠡᠨ ᠢ ᠳᠠᠶᠢᠴᠢᠯᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠡᠶ ᠣᠷᠣᠯᠴᠠᠭᠤᠯᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠨ᠂ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠶ  ᠭᠦᠢᠴᠡᠳᠭᠡᠬᠦ ᠪᠠᠷ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ ᠪᠠᠰᠠ ᠡᠭᠦᠨ ᠢᠶᠠᠷ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾  ᠤ ᠬᠠᠯᠠᠭᠤᠨ ᠬᠦᠰᠡᠯ ᠡᠷᠡᠮᠡᠯᠵᠡᠯ ᠪᠠ ᠰᠠᠶᠢᠨ ᠰᠠᠶᠢᠬᠠᠨ ᠢᠷᠥᠭᠡᠯ ᠵᠥᠩᠨᠡᠯ ᠢᠶᠠᠨ ᠢᠯᠡᠳᠬᠡᠬᠦ ᠶᠢᠨ ᠲᠥᠯᠥᠭᠡ ᠶᠤᠮ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ