ᠤᠯᠠᠭᠠᠨᠬᠠᠳᠠ ᠬᠤᠲᠠ ᠶᠢᠨ ᠭᠦᠢᠴᠡᠳᠬᠡᠬᠦ ᠵᠥᠪᠯᠡᠯ ᠤᠨ ᠬᠠᠷᠠᠴᠢᠨ ᠤᠷᠤᠯᠳᠤᠭᠠᠨ ᠤ ᠲᠣᠭᠤᠷᠢᠭ ᠤᠨ ᠵᠠᠯᠠᠨ ᠠᠶᠢᠯ ᠬᠤᠳᠠ ᠤᠨ ᠤᠷᠤᠯᠳᠤᠭᠠᠨ ᠤ ᠲᠣᠭᠤᠷᠢᠭ ᠲᠤ ᠢᠷᠡᠵᠦ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ ︾  ᠤ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/12/28
1.jpg
     ᠲᠦᠷᠦᠭᠦᠬᠡᠨ᠂ ᠤᠯᠠᠭᠠᠨᠬᠠᠳᠠ ᠬᠤᠲᠠ ᠶᠢᠨ ᠭᠦᠢᠴᠡᠳᠬᠡᠬᠦ ᠵᠥᠪᠯᠡᠯ ᠤᠨ ᠬᠠᠷᠠᠴᠢᠨ ᠤᠷᠤᠯᠳᠤᠭᠠᠨ ᠤ ᠲᠣᠭᠤᠷᠢᠭ ᠤᠨ ᠵᠠᠯᠠᠨ ᠠᠶᠢᠯ  ᠬᠤᠳᠠ‌‍ᠤᠨ ᠤᠷᠤᠯᠳᠤᠭᠠᠨ ᠤ ᠲᠣᠭᠤᠷᠢᠭ ᠲᠤ ᠢᠷᠡᠵᠦ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾  ᠤ ᠡᠯ᠎ᠡ‌ᠵᠦ᠋ᠢᠯ ᠤᠨ ᠲᠦᠷᠢᠮ ᠤᠨ ᠪᠠᠶᠢᠭᠤᠯᠤᠯᠲᠠ ᠪᠠ ᠨᠢᠭᠡᠳᠦᠭᠡᠷ ᠠᠯᠪᠠᠨ ᠬᠡᠷ ᠤᠨ ᠠᠷᠪᠠᠨ ᠲᠠᠪᠤᠳᠤᠭᠠᠷ ᠳᠤᠭᠤᠶᠢᠯᠠᠩ ᠤᠨ ᠠᠵᠢᠯ  ᠤᠨ ᠲᠣᠬᠢᠷᠠᠭᠤᠯᠤᠯᠲᠠ  ᠶᠢᠨ ᠪᠡᠯᠡᠳᠬᠡᠯ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᡁᠢ ᠯᠢᠶᠠᠩ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠤᠯᠠᠭᠠᠨᠬᠠᠳᠠ ᠬᠤᠲᠠ ᠶᠢᠨ ᠭᠦᠢᠴᠡᠳᠬᠡᠬᠦ ᠵᠥᠪᠯᠡᠯ ᠤᠨ ᠬᠠᠷᠠᠴᠢᠨ ᠤᠷᠤᠯᠳᠤᠭᠠᠨ ᠤ ᠲᠣᠭᠤᠷᠢᠭ ᠲᠤ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾ ᠤ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠶᠠᠷᠢᠵᠤ᠂ ᠪᠠᠶᠢᠬᠤ ᠪᠠ ᠥᠬᠡᠶ ᠪᠠᠨ ᠰᠣᠯᠢᠯᠴᠠᠵᠤ᠂ ᠲᠤᠷᠰᠢᠯᠭ᠎ᠠ ᠪᠠᠨ ᠭᠦᠨᠵᠡᠭᠡᠶ ᠰᠣᠯᠢᠯᠴᠠᠪᠠ᠃   ᠬᠠᠷᠠᠴᠢᠨ ᠤᠷᠤᠯᠳᠤᠭᠠᠨ ᠤ ᠲᠣᠭᠤᠷᠢᠭ ᠤᠨ ᠬᠢᠨ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠶᠢᠨ ᠰᠢᠶᠤᠤ ᠬᠤᠶ ᠢᠯᠡᠷᠬᠡᠶᠢᠯᠡᠬᠦ ᠳᠡᠭᠡᠨ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠡᠯ᠎ᠡ  ᠵᠦᠢᠯ ᠤᠨ ᠪᠡᠯᠡᠳᠬᠡᠯ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠣᠲᠣ ᠶᠠᠭ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠶᠠᠪᠤᠭᠳᠠᠵᠤ ᠪᠠᠶᠢᠨ᠎ᠠ᠃ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠣᠯᠢᠯᠴᠠᠬᠤ ᠪᠠᠷ ᠠᠵᠠ ᠲᠣᠬᠢᠶᠠᠯ ᠪᠣᠯᠭᠠᠵᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠬᠠᠷᠢᠯᠴᠠᠨ ᠰᠤᠷᠤᠯᠴᠠᠵᠥ ᠬᠠᠷᠢᠯᠴᠠᠨ ᠲᠤᠯᠢ ᠪᠣᠯᠭᠠᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ ︽  ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ︾ ᠢ ᠡᠷᠬᠢᠯᠡᠬᠦ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠵᠤ᠂ ᠭᠤᠶᠢᠳᠠ ᠰᠠᠶᠢᠬᠠᠨ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ