ᠸᠤ᠋ ᠨᠢᠦ ᠾᠧ ᠪᠠᠯᠭᠠᠰᠤᠨ ᠤ ᠮᠢᠩ ᠳᠤ ᠪᠠᠭ᠎ᠠ ᠰᠤᠷᠭᠠᠭᠤᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠰᠬᠠᠶ ᠰᠡᠳᠦᠪᠲᠦ ᠨᠠᠮ ᠤᠨ ᠬᠢᠴᠢᠶᠡᠯ ᠥᠷᠨᠢᠭᠦᠯᠪᠡ
ᠨᠡᠶᠢᠲᠡᠯᠡᠭᠰᠡᠨ ᠴᠠᠭ᠄
2023/12/28
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠃ 2023 ᠣᠨ ᠤ 12 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠸᠤ᠋ ᠨᠢᠤ ᠾᠧ ᠪᠠᠯᠭᠠᠰᠤᠨ ᠤ ᠮᠢᠩ ᠳᠤ ᠪᠠᠭ᠎ᠠ ᠰᠤᠷᠭᠠᠭᠤᠯᠢ ᠶᠢᠨ ᠪᠤᠭᠤᠲᠤ ᠶᠢᠨ ᠬᠤᠯᠪᠣᠭ᠎ᠠ ᠶᠢᠨ ᠲᠣᠪᠴᠢᠶ᠎ᠠ ᠶᠢᠨ ᠤᠳᠤᠷᠢᠳᠤᠯᠭ᠎ᠠ ᠢᠦᠶ ᠶᠠᠨ ᠬᠤᠩ ᠳᠡᠳ᠋ ᠲᠣᠪᠴᠢᠶᠠᠨ ᠳᠠᠷᠤᠭ᠎ᠠ ᠸᠤ᠋ ᠨᠢᠤ ᠾᠧ ᠪᠠᠯᠭᠠᠰᠤᠨ ᠤ ᠮᠢᠩ ᠳᠤ ᠪᠠᠭ᠎ᠠ ᠰᠤᠷᠭᠠᠭᠤᠯᠢ ᠳᠤ ᠬᠦᠷᠴᠦ ᠪᠠᠭᠰᠢ ᠨᠠᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠪᠠᠷ ᠭᠤᠤᠯ ᠰᠡᠳᠦᠪ ᠪᠣᠯᠭᠠᠭᠰᠠᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ ᠥᠭᠪᠡ᠃      ᠲᠤᠰ ᠤᠳᠠᠭ᠎ᠠ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠳᠤ᠂ ᠳᠡᠳ᠋ ᠲᠣᠪᠴᠢᠶᠠᠨ ᠳᠠᠷᠤᠭ᠎ᠠ ᠢᠦᠢ ᠶᠠᠨ ᠬᠤᠩ ᠡᠩ ᠲᠡᠷᠢᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ ᠭᠡᠵᠦ ᠴᠢᠬᠤᠯᠠᠴᠢᠯᠠᠪᠠ᠃ ᠪᠠᠭᠰᠢ ᠨᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠦᠢᠯ ᠤᠨ ᠴᠢᠬᠤᠯᠠ ᠴᠢᠨᠠᠷ ᠪᠠ ᠠᠬᠤᠶᠢᠴᠢ ᠬᠠᠨᠳᠤᠯᠭᠠᠲᠤ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠳᠠᠷᠠᠭ᠎ᠠ ᠨᠢ ᠰᠣᠶᠣᠯ ᠤᠨ ᠢᠲᠡᠭᠡᠯ ᠢᠶᠠᠨ ᠪᠠᠲᠤᠳᠬᠠᠬᠤ ᠪᠣᠯ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢᠭᠡ ᠵᠦᠢᠯ ᠤᠨ ᠡᠭᠦᠷᠭᠡ ᠮᠥᠨ᠂ ᠸᠤ᠋ ᠨᠢᠦ ᠾᠧ ᠪᠠᠯᠭᠠᠰᠤᠨ ᠤ ᠮᠢᠩ ᠳᠤ ᠪᠠᠭ᠎ᠠ ᠰᠤᠷᠭᠠᠭᠤᠯᠢ ᠳᠤ ᠶᠡᠷᠦ ᠠᠴᠠ ᠤᠷᠠᠨ ᠪᠢᠴᠢᠯᠭᠡ᠂ ᠬᠢᠲᠠᠳ ᠵᠢᠷᠤᠭ᠂ ᠴᠠᠭᠠᠰᠤᠨ ᠬᠠᠶᠢᠴᠢᠯᠠᠮᠠᠯ ᠵᠡᠷᠭᠡ ᠬᠢᠴᠢᠶᠡᠯ ᠨᠡᠭᠡᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠬᠤᠪᠢ ᠨᠡᠮᠡᠷᠢ ᠦᠵᠡᠭᠦᠯᠦᠭᠰᠡᠨ ᠪᠥᠭᠡᠳ ᠰᠤᠷᠭᠠᠨ ᠬᠥᠮᠦᠵᠢᠯ ᠤᠨ ᠤᠭ ᠰᠠᠨᠠᠭ᠎ᠠ ᠶᠢ ᠪᠠᠷᠢᠮᠲᠠᠯᠠᠵᠤ᠂ ᠳᠦᠷᠢᠮᠵᠢᠭᠰᠡᠨ ᠬᠢᠲᠠᠳ ᠦᠰᠦᠭ ᠤᠨ ᠪᠢᠴᠢᠯᠭᠡ ᠶᠢᠨ ᠠᠵᠢᠯ ᠢ ᠯᠠᠪᠳᠠᠭᠤᠨ ᠪᠠᠲᠤᠲᠠᠶ ᠬᠢᠭᠰᠡᠨ ᠪᠠᠶᠢᠨ᠎ᠠ ᠭᠡᠵᠦ ᠴᠢᠬᠤᠯᠠᠴᠢᠯᠠᠪᠠ᠃ ᠬᠠᠮᠤᠭ ᠰᠡᠬᠦᠯ ᠳᠤ᠂ ᠳᠡᠳ᠋ ᠲᠣᠪᠴᠢᠶᠠᠨ ᠳᠠᠷᠤᠭ᠎ᠠ ᠢᠦᠢ ᠶᠠᠨ ᠬᠤᠩ ᠪᠠᠭᠰᠢ ᠨᠠᠷ ᠲᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠲᠤᠮᠤ ᠳ᠋ᠠᠶᠢᠲ᠋ᠠ ᠶᠢᠨ ᠴᠠᠭ ᠦᠶ᠎ᠡ ᠳᠤ᠂ ᠠᠷᠠᠳ ᠤᠨ ᠪᠠᠭᠰᠢ ᠨᠠᠷ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠠᠮ᠂ ᠤᠯᠤᠰ᠂ ᠠᠷᠠᠳ ᠲᠦᠮᠡᠨ ᠳᠡᠭᠡᠨ ᠳᠡᠭᠡᠳᠦ ᠬᠡᠮᠵᠢᠶᠡᠨ ᠤ ᠬᠠᠶᠢᠷ᠎ᠠ ᠰᠡᠳᠬᠢᠯᠭᠡ ᠲᠠᠢ ᠪᠠᠶᠢᠵᠤ᠂ ᠰᠤᠷᠭᠠᠨ ᠬᠥᠮᠦᠵᠢᠯ ᠤᠨ ᠠᠵᠢᠯᠲᠠᠳ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠬᠦ ᠬᠡᠷᠡᠭᠲᠡᠢ ᠭᠡᠵᠦ ᠰᠡᠷᠡᠮᠵᠢᠯᠡᠭᠦᠯᠵᠡᠢ᠃     ᠲᠣᠰ ᠤᠳᠠᠭᠠᠨ ᠤ ᠨᠠᠮ ᠤᠨ ᠬᠢᠴᠢᠶᠡᠯ ᠨᠢ ᠸᠤ᠋ ᠨᠢᠦ ᠾᠧ ᠪᠠᠯᠭᠠᠰᠤᠨ ᠤ ᠮᠢᠩ ᠳᠤ ᠪᠠᠭ᠎ᠠ ᠰᠤᠷᠭᠠᠭᠤᠯᠢ ᠳᠤ ᠴᠢᠩᠭ᠎ᠠ ᠲᠤᠰᠬᠠᠯ ᠭᠠᠷᠴᠤ᠂ ᠥᠷᠭᠡᠨ ᠣᠯᠠᠨ ᠪᠠᠭᠰᠢ ᠨᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠣᠨᠣᠯ ᠤᠨ ᠠᠭᠤᠯᠤᠭᠳᠠᠬᠤᠨ ᠪᠠ ᠦᠢᠯᠡᠳᠦᠯᠭᠡ ᠶᠢᠨ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠢᠳᠡᠪᠬᠢᠲᠡᠶ ᠪᠠᠷ ᠡᠭᠦᠷᠭᠡᠯᠡᠨ ᠠᠵᠢᠯᠯᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠳᠥᠯᠭᠢᠨ ᠠᠬᠢᠭᠤᠯᠤᠨ᠎ᠠ ᠭᠡᠵᠦ ᠢᠯᠡᠷᠬᠡᠶᠢᠯᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ